ᠮᠠᠨ ᠤ ᠤᠷᠤᠨ ᠰᠦ᠋ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠳ᠋ ᠤᠨ ᠬᠦᠴᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠤ ᠪᠤᠢ
ᠨᠡᠶᠢᠲᠡᠯᠡᠭᠰᠡᠨ ᠴᠠᠭ᠄
2023/11/22
ᠮᠠᠨ ᠤ ᠤᠷᠤᠨ ᠰᠦ᠋ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠳ᠋ ᠤᠨ ᠬᠦᠴᠦᠨ ᠤ ᠪᠠᠲᠤᠯᠠᠭ᠎ᠠ  ᠶᠢᠨ ᠠᠵᠢᠯ ᠢ ᠰᠠᠶᠢᠲᠤᠷ ᠬᠢᠵᠤ ᠪᠤᠢ                                                                       ᠵᠤᠬᠢᠶᠠᠭᠴᠢ᠄ ᠼᠠᠢ ᠬᠤᠩ            ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ  ᠠᠴᠠ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠤᠭᠳᠠᠭᠠᠨ ᠬᠡᠷᠡᠭᠵᠢᠭᠦᠯᠵᠦ᠂ ᠰᠠᠭᠠᠯᠢ ᠶᠢᠨ ᠮᠠᠯ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠰᠦ᠋ ᠶᠢᠨ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠬᠠᠮᠳᠤ ᠰᠦ᠋ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠳ᠋ ᠤᠨ ᠬᠦᠴᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠭᠰᠡᠨ ᠪᠠᠶᠢᠨ᠎ᠠ᠃ ᠮᠠᠨ ᠤ ᠤᠷᠤᠨ ᠰᠦ᠋ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ 2020 — 2023 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠡᠶᠢᠲᠡ 98 ᠳ᠋ᠦ᠋ᠩᠰᠢᠭᠤᠷ ᠲᠥᠭᠦᠷᠢᠭ ᠤᠨ ᠪᠡᠯᠡ ᠮᠦᠩᠬᠦ ᠣᠷᠣᠭᠤᠯᠵᠠᠢ᠃ ᠢᠯᠠᠩᠭᠤᠶ᠎ᠠ 2022 ᠣᠨ ᠳᠤ 《ᠰᠦ᠋ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠰᠦᠨ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ》 ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ 69 ᠳ᠋ᠦ᠋ᠩᠰᠢᠭᠤᠷ ᠲᠥᠭᠦᠷᠢᠭ ᠤᠨ ᠪᠡᠯᠡ ᠮᠥᠩᠭᠦ ᠲᠤᠬᠢᠷᠠᠭᠤᠯᠵᠤ᠂ ᠪᠦᠷᠢᠨ ᠭᠦᠢᠴᠡᠳ ᠡᠳ᠋ ᠤᠨ ᠬᠦᠴᠦᠨ ᠤ ᠪᠠᠲᠤᠯᠠᠭ᠎ᠠ ᠪᠠᠷ ᠳᠠᠮᠵᠢᠨ ᠡᠪᠡᠰᠦᠨ ᠤ ᠢᠷᠡᠯᠲᠡ᠂ ᠰᠦ᠋ ᠶᠢᠨ ᠢᠷᠡᠯᠲᠡ᠂ ᠦᠷ᠎ᠡ ᠶᠢᠨ ᠢᠷᠡᠯᠲᠡ ᠪᠠ ᠴᠠᠭᠠᠨ ᠢᠳᠡᠬᠡᠨ ᠪᠤᠯᠪᠠᠰᠤᠷᠠᠭᠤᠯᠬᠤ ᠦᠵᠦᠭᠦᠷᠯᠢᠭ ᠵᠡᠷᠭᠡ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠯ᠎ᠡ ᠭᠤᠭᠴᠤᠭ᠎ᠠ ᠶᠢᠨ ᠬᠥᠭᠵᠢᠯᠲᠡ ᠶᠢ ᠦᠷᠭᠦᠯᠵᠢᠯᠡᠨ ᠳᠡᠮᠵᠢᠵᠠᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ 9.8 ᠳ᠋ᠦ᠋ᠩᠰᠢᠭᠤᠷ ᠲᠥᠭᠦᠷᠢᠭ ᠤᠨ ᠪᠡᠯᠡ ᠮᠥᠩᠭᠦ ᠭᠠᠷᠭᠠᠵᠤ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠤᠨ᠂ ᠳᠠᠭᠠᠭᠤᠯᠤᠭᠴᠢ ᠠᠵᠤ ᠠᠬᠤᠶᠢᠯᠠᠯ ᠲᠠᠢ ᠬᠠᠮᠲᠤ ᠪᠠᠷ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠪᠠᠷ ᠵᠢᠯᠣᠭᠤᠳᠤᠯᠭ᠎ᠠ ᠪᠣᠯᠭᠠᠭᠰᠠᠨ᠂ ᠨᠡᠶᠢᠭᠡᠮ ᠤᠨ ᠪᠡᠯᠡ ᠣᠷᠣᠭᠤᠯᠤᠯᠲᠠ ᠪᠠᠷ ᠭᠤᠣᠯ ᠴᠣᠭᠴᠠ ᠪᠣᠯᠭᠠᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠷᠭ᠎ᠠ ᠬᠡᠯᠪᠡᠷᠢ ᠪᠠᠷ ᠲᠠᠮᠵᠢᠨ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠪᠠ᠃ ᠮᠠᠨ ᠤ ᠤᠷᠤᠨ ᠰᠦ᠋ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠮᠥᠩᠭᠦ ᠶᠢ ᠪᠠᠭᠤᠯᠭᠠᠬᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠪᠡ᠃ 2024 ᠣᠨ ᠠᠴᠠ ᠡᠬᠢᠯᠡᠨ᠂ ᠡᠯ᠎ᠠ ᠠᠶᠢᠮᠠᠭ ᠬᠤᠲᠠ ᠠᠴᠠ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠳᠤ ᠪᠡᠯᠡ ᠮᠦᠩᠭᠦ ᠶᠢ ᠰᠢᠭᠤᠳ ᠪᠠᠭᠤᠯᠭᠠᠨ ᠦᠭᠴᠦ᠂ ᠪᠡᠯᠡ ᠮᠥᠩᠭᠦ ᠶᠢ ᠪᠠᠭᠤᠯᠭᠠᠨ ᠥᠭᠬᠦ ᠨᠢ ᠤᠳᠠᠭᠠᠨ ᠪᠠᠶᠢᠬᠤ ᠪᠠ ᠪᠠᠭᠤᠯᠭᠠᠭᠰᠠᠨ ᠪᠡᠯᠡ ᠮᠦᠩᠭᠦ ᠶᠢ ᠦᠯᠦ ᠨᠠᠶᠢᠳᠠᠪᠤᠷᠢᠵᠢᠭᠤᠯᠤᠭᠰᠠᠨ ᠵᠡᠷᠬᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠥᠩᠭᠡᠷᠡᠭᠰᠡᠨ ᠤ ᠳᠡᠷᠡ ᠬᠣ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠳᠤ ᠪᠠᠭᠤᠯᠭᠠᠨ ᠥᠭᠴᠦ᠂ ᠳᠠᠬᠢᠨ ᠬᠤᠰᠢᠭᠤ ᠰᠢᠶᠠᠨ ᠳᠤ ᠪᠠᠭᠤᠯᠭᠠᠨ᠂ ᠬᠤᠰᠢᠭᠤ ᠰᠢᠶᠠᠨ ᠠᠴᠠ ᠬᠡᠷᠡᠭᠵᠢᠭᠦᠯᠬᠦ ᠭᠤᠣᠯ ᠴᠣᠭᠴᠠ ᠳᠤ ᠪᠠᠭᠤᠯᠭᠠᠨ ᠦᠭᠭᠦ ᠵᠠᠭᠪᠤᠷ ᠢ ᠬᠤᠪᠢᠷᠠᠭᠤᠯᠬᠤ ᠪᠠᠷ ᠪᠤᠢ᠃ ᠡᠭᠦᠨ ᠤ ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠰᠢᠭᠤᠳ ᠠᠵᠤ ᠠᠬᠤᠶᠢᠯᠠᠯ ᠳᠤ ᠠᠰᠢᠭ ᠬᠦᠷᠲᠡᠭᠡᠬᠦ ᠲᠠᠪᠴᠠᠩ ᠤᠨ ᠬᠠᠮᠢᠶᠠᠷᠤᠯᠲᠠ ᠳᠤ ᠣᠷᠣᠭᠤᠯᠤᠨ᠂ ᠲᠥᠷᠥᠯ ᠵᠦᠢᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠢᠯᠡ ᠨᠡᠶᠢᠲᠡᠯᠡᠬᠦ ᠪᠠ ᠪᠠᠭᠤᠯᠭᠠᠬᠤ ᠶᠢ ᠴᠢᠨᠠᠭᠰᠢᠳᠠ ᠵᠢᠷᠤᠮᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠰᠢᠯᠵᠢᠭᠦᠯᠦᠨ ᠥᠭᠬᠦ ᠶᠢ  ᠦᠨᠡᠨᠬᠦ ᠪᠠᠲᠤᠯᠠᠵᠤ ᠪᠠᠶᠢᠨ᠎ᠠ᠃ 《ᠳᠠᠷᠠᠭᠠᠴᠢ ᠪᠠᠷ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠦᠷᠭᠦᠯᠵᠢᠯᠡᠨ ᠬᠠᠮᠲᠤᠷᠠᠵᠤ᠂ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠠᠭᠤᠯᠭᠠᠨ ᠥᠭᠬᠦ ᠶᠣᠰᠣᠲᠠᠢ ᠪᠤᠯᠭᠠᠨ ᠢ ᠪᠠᠭᠤᠯᠭᠠᠨ ᠥᠭᠴᠦ᠂ ᠲᠥᠷᠥᠯ ᠵᠦᠢᠯ ᠤᠨ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ  ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠮᠥᠩᠭᠦ ᠶᠢ ᠲᠥᠷᠥᠯ ᠵᠦᠢᠯ ᠤᠨ ᠨᠥᠭᠡᠴᠡ ᠬᠦᠴᠦᠨ ᠢᠶᠠᠷ ᠭᠦᠢᠴᠡᠳ ᠪᠥᠭᠡᠳ ᠪᠠᠷᠢᠯᠭ᠎ᠠ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠲᠥᠷᠥᠯ ᠵᠦᠢᠯ ᠳᠤ ᠤᠷᠢᠳ ᠢᠶᠠᠷ ᠬᠡᠷᠡᠭᠯᠡᠭᠦᠯᠦᠨ᠎ᠡ᠃ ᠵᠠᠷᠤᠯᠭ᠎ᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠪᠡᠯᠡ ᠮᠥᠩᠭᠦ ᠶᠢ ᠪᠠᠭᠤᠯᠭᠠᠨ ᠥᠭᠬᠦ ᠶᠢ ᠤᠳᠠᠭᠠᠰᠢᠷᠠᠭᠤᠯᠬᠤ᠂ ᠨᠥᠬᠦᠪᠥᠷᠢ ᠣᠯᠭᠤᠬᠤ ᠶᠢ ᠤᠳᠠᠭᠠᠰᠢᠷᠠᠭᠤᠯᠬᠤ ᠵᠡᠷᠬᠡ ᠶᠢ ᠲᠤᠰᠬᠠᠢ ᠱᠠᠯᠠᠪᠳᠠᠭᠤᠯᠤᠨ ᠪᠠᠶᠢᠴᠠᠭᠠᠵᠤ᠂ ᠡᠯ᠎ᠡ ᠲᠥᠷᠥᠯ ᠤᠨ ᠨᠥᠬᠦᠪᠥᠷᠢ ᠮᠥᠩᠭᠦ ᠶᠢ ᠲᠤᠭ᠎ᠠ ᠶᠤᠰᠤᠭᠠᠷ ᠨᠢ ᠪᠦᠷᠢᠨ ᠤᠯᠭᠤᠬᠤ ᠶᠢ ᠦᠨᠡᠨ ᠬᠣ ᠪᠠᠲᠤᠯᠠᠨ᠎ᠠ》 ᠭᠡᠵᠤ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠳᠠᠷᠢᠶᠠᠯᠠᠩ ᠮᠠᠯ ᠠᠵᠤ ᠠᠬᠤᠢ ᠶᠢᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠬ᠊` ᠤ ᠱᠢ ᠵᠦᠩ ᠳᠠᠨᠢᠯᠴᠠᠭᠤᠯᠤᠯ᠎ᠠ᠃ᠢᠷᠡᠯᠲᠡ ᠄  ᠳᠤᠮᠲᠠᠲᠤ  ᠣᠯᠣᠠᠰ ᠤᠨ  ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡᠳᠡᠪᠰᠢᠭᠦᠯᠦᠭᠴᠢ ᠄  ᠲᠡᠷᠭᠡᠯ 
 
ᠢᠷᠡᠯᠲᠡ᠄ ᠳᠤᠮᠲᠠᠲᠤ ᠣᠯᠣᠠᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2