ᠴᠠᠭᠠᠨ ᠰᠠᠷ᠎ᠠ ᠶᠢᠨ ᠬᠤᠭᠤᠴᠠᠭᠠᠨ ᠳᠤ ᠴᠠᠭ ᠨᠡᠮᠡᠵᠦ ᠠᠵᠢᠯᠯᠠᠪᠠᠯ ᠴᠠᠯᠢᠩ ᠢ ᠢᠩᠭᠢᠵᠦ ᠪᠣᠳᠣᠨ᠎ᠠ | | ︽ᠬᠥᠳᠡᠯᠮᠦᠷᠢ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ ᠳᠤ᠂ ᠳᠣᠣᠷ᠎ᠠ ᠵᠢᠭᠰᠠᠭᠠᠭᠰᠠᠨ | ᠪᠠᠶᠢᠳᠠᠯ ᠤᠳ ᠦᠨᠨᠢᠭᠡ ᠨᠢ ᠪᠠᠶᠢᠪᠠᠯ᠂ ᠬᠥᠮᠦᠨ ᠬᠡᠷᠡᠭᠯᠡᠬᠦ ᠨᠢᠭᠡᠴᠢ ᠳᠣᠣᠷ᠎ᠠ ᠵᠢᠭᠰᠠᠭᠠᠭᠰᠠᠨ ᠪᠠᠷᠢᠮᠵᠢᠶ᠎ᠠ ᠶᠣᠰᠣᠭᠠᠷ | ᠬᠥᠳᠡᠯᠮᠦᠷᠢᠴᠢᠨ ᠤ ᠬᠡᠪ ᠤᠨᠠᠵᠢᠯᠯᠠᠬᠤ ᠴᠠᠭ ᠤᠨ ᠴᠠᠯᠢᠩ ᠠᠴᠠ ᠢᠯᠡᠬᠦᠤ ᠴᠠᠯᠢᠩ ᠬᠥᠯᠥᠰᠥ ᠣᠯᠭᠤᠬᠤ ᠬᠡᠷᠡᠭᠲᠡᠢ᠄ | ᠬᠥᠳᠡᠯᠮᠦᠷᠢᠴᠢᠨ ᠤ ᠠᠵᠢᠯᠯᠠᠬᠤ ᠴᠠᠭ ᠢᠤᠷᠲᠤᠳᠬᠠᠬᠤ ᠪᠠᠷ ᠲᠤᠬᠢᠷᠡᠭᠤᠯᠦᠬᠰᠡᠠ ᠪᠠᠶᠢᠪᠠᠯ᠂ ᠴᠠᠯᠢᠩ ᠤᠨ ᠬᠢᠨᠢ 150 | % ᠠᠴᠠ ᠳᠣᠣᠷ᠎ᠠ ᠤᠢᠭᠡᠢ ᠴᠠᠯᠢᠩ ᠬᠥᠯᠥᠰᠥᠣᠯᠭᠤᠨᠠ︔ ᠠᠮᠠᠷᠠᠯᠲᠠ ᠶᠢᠨ ᠡᠳᠦᠷ ᠬᠥᠳᠡᠯᠮᠦᠷᠢᠴᠢᠳ ᠢ | ᠠᠵᠢᠯᠯᠠᠭᠤᠯᠬᠤ ᠪᠠᠷ ᠲᠤᠬᠢᠷᠡᠭᠤᠯᠦᠬᠰᠡᠠ ᠪᠥᠭᠡᠳ ᠨᠥᠬᠦᠪᠥᠷᠢᠠᠮᠠᠷᠠᠯᠲᠠ ᠲᠤᠬᠢᠷᠡᠭᠤᠯᠵᠦ ᠴᠢᠳᠠᠬᠤ ᠤᠢᠭᠡᠢ | ᠪᠠᠶᠢᠪᠠᠯ ᠴᠠᠯᠢᠩ ᠤᠨ ᠬᠢᠨᠢ 200 % ᠠᠴᠠ ᠳᠣᠣᠷ᠎ᠠ ᠤᠢᠭᠡᠢ ᠴᠠᠯᠢᠩ ᠬᠥᠯᠥᠰᠥᠣᠯᠭᠤᠨᠠ︔ ᠬᠠᠤᠯᠢ ᠪᠠᠷ | ᠲᠣᠭᠲᠠᠭᠠᠭᠰᠠᠨ ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠡᠭᠤᠯᠦᠬᠰᠡᠠᠪᠠᠶᠢᠪᠠᠯ | ᠴᠠᠯᠢᠩ ᠤᠨ ᠬᠢᠨᠢ 300 % ᠠᠴᠠ ᠳᠣᠣᠷ᠎ᠠ ᠤᠢᠭᠡᠢ ᠴᠠᠯᠢᠩ ᠬᠥᠯᠥᠰᠥ ᠣᠯᠭᠤᠨ᠎ᠠ᠃ | ᠡᠨᠡ ᠵᠢᠯ ᠤᠨ 1 ᠳ᠋ᠤᠭᠠᠷ ᠰᠠᠷ᠎ᠠ ᠶᠢᠨ 21 ᠤ ᠡᠳᠦᠷ ᠠᠴᠠ 1 ᠳ᠋ᠤᠭᠠᠷᠰᠠᠷ᠎ᠠ ᠶᠢᠨ 27 ᠤ ᠡᠳᠦᠷ | ᠪᠣᠯᠲᠠᠯ᠎ᠠ ᠨᠡᠶᠢᠲᠡ7 ᠡᠳᠦᠷ ᠠᠮᠠᠷᠠᠨ᠎ᠠ᠂ ᠡᠭᠦᠨ ᠳᠤ 1 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ | ︵ᠪᠢᠯᠢᠭ ᠤᠨ ᠤᠯᠠᠷᠢᠯ ᠤᠨᠰᠢᠨ᠎ᠡ ᠶᠢᠨ ᠨᠢᠭᠡᠨ ᠠᠴᠠ ᠰᠢᠨ᠎ᠡ ᠶᠢᠨ ᠭᠤᠷᠪᠠᠨ︶ ᠪᠣᠯ ᠬᠠᠤᠯᠢ ᠪᠠᠷ ᠲᠣᠭᠲᠠᠭᠠᠭᠰᠠᠨ | ᠠᠮᠠᠷᠠᠯᠲᠠ ᠶᠢᠨ ᠡᠳᠦᠷ ᠪᠣᠯᠤᠨ᠎ᠠ᠃ ᠡᠶᠢᠮᠦ ᠠᠴᠠ ᠬᠥᠮᠦᠨ ᠬᠡᠷᠡᠭᠯᠡᠬᠦ ᠨᠢᠭᠡᠴᠢ ᠬᠥᠳᠡᠯᠮᠦᠷᠢᠴᠢᠨ ᠢ 1 ᠳ᠋ᠤᠭᠠᠷ | ᠰᠠᠷ᠎ᠠ ᠶᠢᠨ 22 ᠤᠨ ᠡᠳᠦᠷ ᠠᠴᠠ 24 ᠤ ᠡᠳᠦᠷᠪᠣᠯᠲᠠᠯᠠ ᠠᠵᠢᠯᠯᠠᠭᠤᠯᠬᠤ ᠳᠤ ᠭᠦᠷᠪᠡᠯ᠂ ᠲᠣᠰ ᠬᠥᠮᠦᠨ ᠤ | ᠡᠳᠦᠷ ᠪᠤᠶᠤ ᠴᠠᠭ ᠢᠶᠠᠷ ᠴᠠᠭ ᠨᠡᠮᠡᠵᠦ ᠠᠵᠢᠯᠯᠠᠭᠰᠠᠨ ᠴᠠᠯᠢᠩ ᠡᠴᠠᠲ᠋ᠤᠤᠷᠠ ᠥᠬᠡᠶ ᠲᠤᠭ᠎ᠠ ᠪᠠᠷ ᠰᠠᠭᠤᠷᠢ | ᠲᠣᠭᠠᠨ ᠤ 300 % ᠪᠠᠷ ᠴᠠᠭ ᠨᠡᠮᠡᠵᠦ ᠠᠵᠢᠯᠯᠠᠭᠰᠠᠨ ᠴᠠᠯᠢᠩ ᠥᠭᠬᠦ ᠬᠡᠷᠡᠭᠲᠡᠶ᠂ᠰᠣᠯᠢᠵᠤ ᠠᠮᠠᠷᠠᠬᠤ ᠪᠠᠷ | ᠲᠤᠯᠭᠠᠨ ᠬᠠᠰᠤᠵᠤ ᠪᠣᠯᠬᠤ ᠥᠬᠡᠶ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |