ᠡᠳᠡᠭᠡᠷ ᠡᠮ ᠢ ᠪᠦᠬᠦ ᠤᠯᠤᠰ ᠲᠤ ᠬᠤᠳᠠᠯᠳᠤᠬᠤ ᠶᠢ ᠵᠤᠭᠰᠤᠭᠠᠪᠠ᠂ ᠪᠠᠴᠢᠮ ᠬᠤᠷᠢᠶᠠᠨ ᠠᠪᠴᠢᠷᠠᠨ᠎ᠠ︕
ᠨᠡᠶᠢᠲᠡᠯᠡᠭᠰᠡᠨ ᠴᠠᠭ᠄
2023/11/23
ᠡᠳᠡᠭᠡᠷ ᠡᠮ ᠢ ᠪᠦᠬᠦ ᠤᠯᠤᠰ ᠲᠤ ᠬᠤᠳᠠᠯᠳᠤᠬᠤ ᠶᠢ ᠵᠤᠭᠰᠤᠭᠠᠪᠠ᠂ ᠪᠠᠴᠢᠮ ᠬᠤᠷᠢᠶᠠᠨ ᠠᠪᠴᠢᠷᠠᠨ᠎ᠠ︕               ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠥᠳᠦᠷ ᠵᠠᠷᠯᠠᠯ ᠨᠡᠶᠢᠲᠡᠯᠡᠵᠦ ᠂ ᠬᠤᠪᠧᠶ ᠮᠤᠵᠢ  ᠶᠢᠨ  ᠡᠮ ᠤᠨ ᠵᠥᠢᠯ  ᠳᠤ  ᠬᠢᠨᠠᠯᠲᠠ  ᠲᠠᠯᠪᠢᠵᠤ  ᠰᠢᠯᠭᠠᠨ  ᠪᠠᠶᠢᠴᠠᠭᠠᠬᠤ  ᠰᠤᠳᠤᠯᠭᠠᠨ ᠤ  ᠬᠦᠷᠢᠶᠡᠯᠡᠩ  ᠵᠡᠷᠭᠡ   10 ᠡᠮ ‍ᠤᠨ‌ᠵᠥ᠋ᠢᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠷᠦᠢ ᠶᠠᠩ ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 16 ᠠᠵᠤ  ᠠᠬᠤᠶᠢᠯᠠᠯ ᠤᠨ  ᠦᠢᠯᠡᠳᠪᠤᠷᠢᠯᠡᠭᠰᠡᠨ  ᠡᠲ᠋ᠧᠨ  ᠠᠰᠢᠯᠲᠤ ᠬᠠᠭᠠᠰ ᠴᠢᠰᠲ᠋ᠧᠢᠨ ᠲᠠᠷᠢᠯᠭ᠎ᠠ ᠶᠢᠨ ᠰᠢᠩᠭᠡᠨ ᠵᠡᠷᠭᠡ 19 ᠪᠦᠯᠦᠭ ᠡᠮ ‍ᠤᠨ‌ᠵᠥ᠋ᠢᠯ ᠨᠢ ᠲᠣᠭᠲᠠᠭᠠᠯ ᠳᠤ ᠨᠡᠶᠢᠴᠡᠬᠦ  ᠥᠬᠡᠶ  ᠭᠡᠵᠦ ᠢᠯᠡᠷᠬᠡᠶᠢᠯᠡᠵᠡᠶ᠃               ᠤᠯᠤᠰ ᠤᠨ  ᠡᠮ ᠤᠨ  ᠵᠥᠢᠯ  ᠤᠨ  ᠬᠢᠨᠠᠯᠲᠠ  ᠬᠠᠮᠢᠶᠠᠷᠤᠯᠲᠠ ᠶᠢᠨ  ᠲᠣᠪᠴᠢᠶ᠎ᠠ  ᠢᠯᠡᠷᠬᠡᠶᠢᠯᠡᠬᠦ ᠳᠡᠭᠡᠨ᠂  ᠳᠡᠭᠡᠷ᠎ᠡ‌‍ᠲ᠋ᠤᠷᠠᠳᠤᠭᠰᠠᠨ ᠲᠣᠭᠲᠠᠭᠠᠯ ᠳᠤ ᠨᠡᠶᠢᠴᠡᠬᠦ  ᠥᠬᠡᠶ  ᠡᠮ ᠤᠨ  ᠵᠥᠢᠯ ᠳᠤ᠂  ᠡᠮ ‍ᠤᠨ‌ᠵᠥ᠋ᠢᠯ ᠤᠨ  ᠬᠢᠨᠠᠯᠲᠠ  ᠬᠠᠮᠢᠶᠠᠷᠤᠯᠲᠠ ᠵᠢᠨ‌‍ᠰᠠᠯᠠᠭ᠎ᠠ ᠮᠥᠴᠢᠷ ᠨᠢᠭᠡᠨᠲᠡ ᠬᠤᠯᠪᠣᠭᠳᠠᠯ ᠪᠥᠬᠦᠶ ᠠᠵᠤ ᠠᠬᠤᠶᠢᠯᠠᠯ ᠪᠠ ᠨᠢᠭᠡᠴᠡ  ᠶᠢᠨ  ᠪᠣᠷᠣᠯᠠᠭᠤᠯᠭ᠎ᠠ  ᠬᠡᠷᠡᠭᠯᠡᠯᠲᠡ ᠶᠢ  ᠲᠦᠷ‌ᠵᠣᠭᠰᠣᠭᠠᠬᠤ᠂ ᠬᠤᠷᠢᠶᠠᠨ ᠠᠪᠴᠢᠷᠠᠬᠤ ᠵᠡᠷᠭᠡ ᠲᠦᠭᠰᠢᠭᠦᠷᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠤᠯᠬᠤ ᠪᠠᠷ  ᠱᠠᠭᠠᠷᠳᠠᠵᠤ᠂ ᠲᠣᠭᠲᠠᠭᠠᠯ ᠳᠤ ᠨᠡᠶᠢᠴᠡᠬᠦ ᠥᠬᠡᠶ  ᠶᠢ ᠰᠢᠯᠲᠠᠭᠠᠨ ᠢ ᠪᠠᠶᠢᠴᠠᠭᠠᠬᠤ ᠶᠢᠨ ᠬᠠᠮᠲᠤ᠂ ᠦᠨᠡᠨ ᠬᠦ ᠴᠡᠭᠴᠡᠯᠡᠨ ᠵᠠᠰᠠᠨ᠎ᠠ ᠭᠡᠵᠡᠶ᠃                ᠡᠭᠦᠨ ᠠᠴᠠ  ᠭᠠᠳᠠᠨ᠎ᠠ᠂  ᠤᠯᠤᠰ ᠤᠨ  ᠡᠮ ‍ᠤᠨ‌ᠵᠥ᠋ᠢᠯ  ᠤᠨ  ᠬᠢᠨᠠᠯᠲᠠ   ᠬᠠᠮᠢᠶᠠᠷᠤᠯᠲᠠ ᠶᠢᠨ   ᠲᠣᠪᠴᠢᠶ᠎ᠠ ᠠᠴᠠ ᠬᠤᠯᠪᠣᠭᠳᠠᠯ ᠪᠥᠬᠦᠶ ᠮᠤᠵᠢ ᠶᠢᠨ ᠱᠠᠲᠤᠨ ᠤ ᠡᠮ ‍ᠤᠨ‌ᠵᠥ᠋ᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ  ︽ᠪᠥᠬᠦᠳᠡ‌ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠥᠢᠯ ᠤᠨ ᠬᠠᠮᠢᠶᠠᠷᠤᠯᠲᠠ ᠶᠢᠨ ᠬᠠᠤᠯᠢ︾ ᠶᠢ  ᠦᠨᠳᠦᠰᠦᠯᠡᠨ᠂  ᠳᠡᠭᠡᠷ᠎ᠡ ᠳᠤᠷᠠᠳᠤᠭᠰᠠᠨ ᠠᠵᠤ  ᠠᠬᠤᠶᠢᠯᠠᠯ  ᠪᠣᠯᠤᠨ  ᠨᠢᠭᠡᠴᠡ ᠳᠤ  ᠣᠷᠣᠰᠢᠵᠤ  ᠪᠠᠶᠢᠭ᠎ᠠ  ᠬᠠᠤᠯᠢ ᠠᠴᠠ  ᠵᠥᠷᠢᠴᠡᠭᠰᠡᠨ  ᠰᠡᠵᠢᠭᠯᠡᠯᠲᠡᠶ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ᠂ ᠲᠣᠭᠲᠠᠭᠠᠯ  ᠶᠣᠰᠣᠭᠠᠷ ᠪᠠᠶᠢᠴᠠᠭᠠᠨ ᠰᠢᠢᠳᠪᠤᠷᠢᠯᠡᠭᠰᠡᠨ ᠦᠷ᠎ᠡ ᠳ᠋ᠦᠩ ᠢᠶᠠᠨ ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ᠢᠷᠡᠯᠲᠡ᠄  ᠠᠷᠠᠤᠨ ᠤᠨ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2