ᠡᠶᠢᠮᠤ ᠤᠲᠠᠰᠤ ᠶᠢ ᠪᠢᠲᠡᠭᠡᠶ ᠲᠣᠰ︕ | | ︽00︾ ᠪᠤᠶᠤ ︽+︾ ᠪᠠᠷ ᠡᠬᠢᠯᠡᠭᠰᠡᠨ ᠤᠲᠠᠰᠤ ᠪᠣᠯ ᠴᠥᠮ ᠬᠢᠯᠢ ᠶᠢᠨ ᠭᠠᠳᠠᠨᠠᠬᠢ ᠨᠣᠮᠧᠷ ᠪᠣᠯᠤᠨ᠎ᠠ᠂ | ᠮᠡᠬᠡᠯᠡᠭᠴᠢᠡᠲᠡᠭᠡᠷ ᠨᠣᠮᠧᠷ ᠢ ᠠᠰᠢᠭᠯᠠᠨ ᠴᠢᠮ᠎ᠠ ᠳᠤ ᠤᠲᠠᠰᠤᠳᠠᠵᠤ᠂ ᠥᠪᠡᠷ ᠢ ᠪᠠᠨ ᠲᠥᠷᠥ ᠶᠢᠨ | ᠪᠠᠶᠢᠭᠤᠯᠭ᠎ᠠ ᠶᠢᠨ ᠠᠵᠢᠯᠲᠠᠨ᠂ᠡᠯᠧᠺᠲᠷᠣᠨ ᠬᠤᠳᠠᠯᠳᠤᠭᠠᠨ ᠤ ᠦᠢᠯᠡᠴᠢᠯᠡᠭᠡ᠂ ᠴᠢᠨᠦ ᠲᠠᠨᠢᠯ ᠬᠥᠮᠦᠨ ᠪᠤᠶᠤ | ᠤᠳᠤᠷᠢᠳᠤᠯᠭ᠎ᠠ ᠭᠡᠵᠦ ᠬᠤᠳᠠᠯ ᠬᠡᠯᠡᠳᠡᠭ ᠪᠠᠶᠢᠨ᠎ᠠ᠂ ᠶᠠᠭᠠᠬᠢᠭᠰᠠᠨ ᠴᠤ ᠢᠲᠡᠭᠡᠵᠦ ᠪᠣᠯᠬᠤ ᠥᠬᠡᠶ︕ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠬᠢᠯᠢ ᠶᠢᠨ ᠭᠠᠳᠠᠨᠠᠬᠢ ᠤᠲᠠᠰᠤ ᠮᠠᠨ ᠤ ᠤᠯᠤᠰ ᠤᠨ ᠮᠡᠳᠡᠭᠡ ᠬᠤᠯᠪᠣᠭᠠᠨ ᠤ ᠰᠦᠯᠵᠢᠶ᠎ᠡ ᠳᠤ | ᠣᠷᠣᠬᠤ ᠳᠠᠭᠠᠨ ᠡᠷᠬᠡᠪᠰᠢ ᠳᠠᠭᠤᠳᠠᠭᠴᠢ ᠨᠣᠮᠧᠷ ᠤᠨ ᠡᠮᠦᠨ᠎ᠡ ᠤᠯᠠᠨ ᠤᠯᠤᠰ ᠤᠨ ᠲᠢᠲᠢᠮ ᠦᠰᠦᠭ ︽00︾ | ︵ᠬᠡᠰᠡᠭ ᠭᠠᠷ ᠤᠲᠠᠰᠤ ᠨᠢ ᠡᠭᠦᠨ ᠢ︽+︾ ᠭᠡᠵᠦ ᠤᠷᠴᠢᠭᠤᠯᠳᠠᠭ︶ ᠨᠡᠮᠡᠬᠦ ᠬᠡᠷᠡᠭᠲᠡᠶ ᠪᠥᠭᠡᠳ ᠳᠠᠮᠵᠢᠭᠤᠯᠬᠤ | ᠶᠠᠪᠤᠴᠠ ᠳᠤ ᠲᠤᠰ ᠲᠢᠲᠢᠮ ᠦᠰᠦᠭ ᠢ ᠬᠠᠰᠤᠬᠤ ᠶᠢ ᠴᠢᠩᠭ᠎ᠠ ᠬᠤᠷᠢᠲᠠᠭ᠃ ᠣᠲᠣ ᠮᠠᠰᠢ ᠣᠯᠠᠨ ᠶᠠᠯᠠᠲᠤ | ᠡᠲᠡᠭᠡᠳ ᠬᠢᠯᠢ ᠶᠢᠨ ᠭᠠᠳᠠᠨ᠎ᠠ ᠨᠢᠭᠤᠭᠳᠠᠵᠤ ᠪᠠᠶᠢᠨ᠎ᠠ᠂ ᠲᠠᠳᠠ ᠬᠠᠤᠯᠢᠪᠤᠰᠤ ᠠᠷᠭ᠎ᠠ ᠵᠠᠮ ᠢᠶᠠᠷ ᠬᠤᠪᠢ | ᠬᠥᠮᠦᠨ ᠤ ᠮᠡᠳᠡᠭᠡ ᠵᠠᠩᠭᠢ ᠶᠢ ᠶᠡᠭᠡ ᠬᠡᠮᠵᠢᠶ᠎ᠡ ᠪᠠᠷ ᠬᠤᠳᠠᠯᠳᠤᠨ ᠠᠪᠴᠤ᠂ ᠬᠢᠯᠢ ᠶᠢᠨ ᠭᠠᠳᠠᠨ᠎ᠠ ᠰᠦᠯᠵᠢᠶᠡᠨ ᠤ | ᠬᠡᠶᠢᠰᠪᠦᠷᠢ ᠨᠣᠮᠧᠷ ᠢ ᠠᠰᠢᠭᠯᠠᠨ ᠵᠣᠴᠢᠳ ᠢᠶᠠᠷ ᠣᠪᠯᠠᠬᠤ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ | ᠰᠢᠭᠦᠬᠦ ᠪᠠᠶᠢᠭᠤᠯᠭ᠎ᠠ᠂ ᠣᠷᠣᠯᠠᠨ ᠭᠦᠢᠴᠡᠳᠭᠡᠬᠦ ᠵᠢᠭᠡᠯᠡᠯᠭᠡ ᠪᠠᠷ ᠣᠪᠯᠠᠬᠤ ᠵᠡᠷᠭᠡ ᠲᠥᠷᠥᠯ ᠬᠡᠯᠪᠡᠷᠢ ᠶᠢᠨ ᠮᠡᠬᠡᠯᠡᠯ | ᠶᠠᠪᠤᠭᠤᠯᠵᠤ ᠪᠠᠶᠢᠨ᠎ᠠ᠂ ᠲᠣᠰ ᠲᠥᠷᠥᠯ ᠤᠨ ᠨᠣᠮᠧᠷ ᠤᠨ ᠣᠨᠴᠠᠯᠢᠭ ᠨᠢ ᠴᠥᠮ ︽00︾ ᠪᠤᠶᠤ ︽+︾ ᠣᠯᠠᠨ | ᠤᠯᠤᠰ ᠤᠨ ᠲᠢᠲᠢᠮᠥᠰᠥᠭ ᠲᠠᠢ ᠪᠠᠶᠢᠳᠠᠭ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |