ᠭᠡᠵᠢᠭᠡ  ᠪᠤᠲᠤᠬᠤ ᠨᠢ ᠦᠰᠦ  ᠣᠨᠠᠵᠤ  ᠦᠮᠠᠨ ᠡᠬᠦᠰᠬᠡᠨ᠎ᠡ ᠤᠤ︖
ᠨᠡᠶᠢᠲᠡᠯᠡᠭᠰᠡᠨ ᠴᠠᠭ᠄
2023/11/23
                      ᠬᠢᠮᠢ ᠶᠢᠨ ᠭᠡᠵᠢᠭᠡᠨ ᠪᠤᠳᠤᠭ ᠲᠠᠢ ᠬᠠᠷᠢᠴᠠᠭᠤᠯᠪᠠᠯ᠂ ᠤᠷᠭᠤᠮᠠᠯ ᠤᠨ ᠭᠡᠵᠢᠭᠡᠨ ᠪᠤᠳᠤᠭ ᠨᠡᠯᠢᠶᠡᠳ  ᠠᠮᠤᠷ  ᠲᠦᠪᠰᠢᠨ‌‍ᠶᠤᠮ᠂ ᠲᠡᠷᠡ ᠨᠢ ᠭᠤᠣᠯᠳᠠᠭᠤ ᠪᠠᠶᠢᠭᠠᠯᠢ ᠶᠢᠨ ᠪᠦᠲᠦᠭᠡᠭᠳᠡᠬᠦᠨ ᠪᠣᠯᠤᠨ᠎ᠠ᠃  ᠬᠢᠮᠢ ᠶᠢᠨ  ᠭᠡᠵᠢᠭᠡᠨ  ᠪᠤᠳᠤᠭ ᠲᠤ  ᠪᠦᠷ  ᠨᠢᠭᠡ‌ᠵᠣᠶᠢᠯ ᠤᠨ ᠬᠢᠮᠢ ᠶᠢᠨ ᠪᠣᠳᠠᠰ —ᠡᠰᠡᠷᠬᠦ ᠪᠧᠨ᠋ᠽᠧᠨ ᠤ ᠬᠤᠶᠠᠷᠴᠢ ᠠᠮᠢᠨ(对苯二胺) ᠠᠭᠤᠯᠳᠠᠭ᠃ 2017ᠣᠨ ᠤ ᠳᠡᠯᠡᠬᠡᠶ ᠶᠢᠨ ᠡᠷᠡᠭᠦᠯ ᠬᠠᠮᠠᠭᠠᠯᠠᠯ ᠤᠨ  ᠵᠣᠬᠢᠶᠠᠨ  ᠪᠠᠶᠢᠭᠤᠯᠤᠯᠲᠠ ᠶᠢᠨ  ᠣᠯᠠᠨ  ᠤᠯᠤᠰ ᠤᠨ  ᠥᠮᠡᠨ  ᠡᠪᠡᠳᠴᠢᠨ ᠤ ᠰᠤᠳᠤᠯᠭᠠᠨ ᠤ  ᠪᠠᠶᠢᠭᠤᠯᠤᠮᠵᠢ ᠶᠢᠨ  ᠨᠡᠶᠢᠲᠡᠯᠡᠭᠰᠡᠨ   ᠥᠮᠡᠨ   ᠡᠭᠦᠰᠭᠡᠬᠦ   ᠪᠣᠳᠠᠰ ᠤᠨ   ᠲᠣᠳᠣᠷᠬᠠᠶ   ᠪᠠᠶᠢᠴᠠᠭᠠᠯᠳᠠ ᠵᠢ‌ᠦᠨᠳᠦᠰᠦᠯᠡᠪᠡᠯ᠂ ᠡᠨᠡᠬᠦ ᠬᠢᠮᠢ ᠶᠢᠨ ᠪᠣᠳᠠᠰ —ᠡᠰᠡᠷᠬᠦ ᠪᠧᠨ᠋ᠽᠧᠨ ᠤ ᠬᠤᠶᠠᠷᠴᠢ ᠠᠮᠢᠨ ᠨᠢ ᠭᠤᠷᠪᠠᠳᠤᠭᠠᠷ ᠲᠥᠷᠥᠯ ᠤᠨ ᠥᠮᠡᠨ ᠡᠭᠦᠰᠭᠡᠭᠴᠢ ᠪᠣᠳᠠᠰ ᠮᠥᠨ᠂ ᠲᠤᠬᠠᠶᠢᠯᠠᠪᠠᠯ ᠣᠷᠳᠣ ᠬᠤᠭᠤᠴᠠᠭ᠎ᠠ ᠪᠠᠷ ᠣᠶᠢᠷᠠᠲᠤᠪᠠᠯ ᠥᠮᠡᠨ  ᠡᠭᠦᠰᠭᠡᠬᠦ  ᠲᠦᠭᠰᠢᠭᠦᠷᠢ ᠲᠠᠢ᠃ ᠬᠠᠶᠠ ᠦᠰᠦ ᠪᠤᠳᠤᠬᠤ  ᠳᠤ ᠥᠮᠡᠨ ᠡᠭᠦᠰᠭᠡᠬᠦ ᠥᠬᠡᠶ᠂  ᠭᠡᠪᠡᠴᠦ  ᠬᠤᠶᠢᠬ᠎ᠠ  ᠮᠠᠭᠤᠲᠠᠢ  ᠬᠥᠮᠦᠰ  ᠭᠡᠵᠢᠭᠡ ᠪᠠᠨ  ᠪᠤᠳᠤᠬᠤ ᠦᠶ᠎ᠡ ᠳᠤ ᠬᠠᠷᠰᠢᠬᠤ  ᠦᠵᠡᠭᠳᠡᠯ ᠭᠠᠷᠴᠤ ᠮᠡᠳᠡᠨ᠎ᠡ᠃ ᠭᠡᠵᠢᠭᠡ ᠪᠣᠳᠣᠬᠤ ᠨᠢ ᠦᠨᠡᠬᠡᠷ  ᠭᠡᠵᠢᠭᠡ  ᠤᠨᠠᠬᠤ  ᠠᠶᠤᠯ ᠢ  ᠨᠡᠮᠡᠭᠳᠡᠭᠦᠯᠦᠨ᠎ᠡ᠃  ᠦᠰᠦ  ᠪᠤᠳᠤᠬᠤ  ᠡᠳ᠋ ᠲᠠᠬᠢ ᠬᠢᠮᠢ ᠶᠢᠨ ᠪᠣᠳᠠᠰ ᠨᠢ ᠨᠡᠯᠢᠶᠡᠳ ᠴᠢᠩᠭ᠎ᠠ ᠰᠡᠲᠦᠯᠲᠡ ᠶᠢᠨ ᠴᠢᠨᠠᠷᠲᠠᠶ᠂ ᠳᠠᠬᠢᠨ ᠳᠠᠪᠲᠠᠨ ᠦᠰᠦ  ᠪᠤᠳᠤᠬᠤ ᠨᠢ  ᠬᠤᠶᠢᠬ᠎ᠠ  ᠪᠠ‌ᠦᠰᠦᠨ ᠰᠦᠪᠡ ᠶᠢᠨ ᠦᠷᠪᠢᠰᠦᠯ  ᠢ ᠡᠭᠦᠰᠭᠡᠵᠦ ᠮᠡᠳᠡᠨ᠎ᠡ᠂ ᠤᠳᠠᠭᠠᠨ ᠳᠠᠭᠠᠨ ᠦᠰᠦᠨ  ᠰᠦᠪᠡ  ᠬᠵᠠᠭᠠᠭᠳᠠᠵᠤ᠂  ᠦᠰᠦ ᠨᠠᠷᠢᠰᠴᠤ᠂ ᠦᠰᠦ ᠤᠨᠠᠬᠤ ᠲᠦᠭᠰᠢᠭᠦᠷᠢ ᠶᠢ ᠨᠡᠮᠡᠭᠳᠡᠭᠦᠯᠦᠨ᠎ᠡ᠃  ᠪᠠᠶᠢᠩᠭᠤ ᠶᠢᠨ ᠴᠢᠨᠠᠷᠲᠠᠶ  ᠭᠡᠵᠢᠭᠡᠨ  ᠪᠤᠳᠤᠭ ᠢ  ᠬᠡᠷᠡᠭᠯᠡᠬᠦ  ᠳᠤ᠂  ᠬᠢᠮᠢ ᠶᠢᠨ  ᠪᠣᠳᠠᠰ ᠨᠢ  ᠦᠰᠦᠨ ᠤ  ᠡᠪᠡᠷᠯᠢᠭ ᠳᠠᠪᠬᠤᠷᠭ᠎ᠠ ᠶᠢ ᠨᠡᠭᠡᠭᠡᠳᠡᠭ᠂ ᠭᠡᠬᠦ ᠳᠤ ᠡᠪᠡᠷᠯᠢᠭ ᠳᠠᠪᠬᠤᠷᠭ᠎ᠠ ᠨᠢ ᠬᠠᠷᠢᠨ ᠭᠡᠵᠢᠭᠡᠨ ᠤ ᠲᠦᠷᠦᠯᠬᠢ ᠬᠠᠮᠠᠭᠠᠯᠠᠯᠲᠠ ᠶᠢᠨ ᠳᠠᠪᠬᠤᠷᠭ᠎ᠠ ᠪᠤᠯᠤᠨ᠎ᠠ᠂ ᠲᠡᠭᠦᠨ ᠤ ᠡᠪᠳᠡᠭᠳᠡᠯ ᠨᠢ ᠦᠰᠦᠨ ᠤ ᠡᠳ᠋ ᠲᠤ ᠮᠠᠰᠢ ᠶᠡᠭᠡ  ᠬᠤᠬᠢᠷᠠᠯ  ᠤᠴᠠᠷᠠᠭᠤᠯᠳᠠᠭ᠃  ᠪᠤᠳᠤᠭᠳᠠᠮᠠᠬᠠᠶ  ᠡᠳ᠋ ᠳᠣᠲᠣᠷᠠᠬᠢ ᠹᠧᠨᠢᠯ ᠤᠨ ᠲᠥᠷᠥᠯ ᠤᠨ ᠣᠷᠭᠠᠨᠢᠭ ᠪᠣᠳᠠᠰ ᠨᠢ  ᠲᠣᠯᠣᠭᠠᠶ ᠶᠢᠨ  ᠬᠤᠶᠢᠬ᠎ᠠ ᠪᠠᠷ  ᠳᠡᠮᠵᠢᠨ  ᠬᠥᠮᠦᠨ ᠤ  ᠪᠡᠶ᠎ᠡ ᠳᠤ ᠣᠷᠣᠵᠤ᠂ ᠴᠢᠰᠤ ᠪᠦᠲᠦᠭᠡᠬᠦ ᠭᠤᠤᠯ ᠡᠰ ᠲᠤ ᠬᠤᠬᠢᠷᠠᠯ ᠤᠴᠠᠷᠠᠭᠤᠯᠵᠤ᠂ ᠴᠢᠰᠤᠨ ᠤ ᠰᠢᠰᠲ᠋ᠧᠮ ᠤᠨ ᠡᠪᠡᠳᠴᠢᠨ ᠢ  ᠡᠭᠦᠰᠭᠡᠵᠦ ᠮᠡᠳᠡᠨ᠎ᠡ᠃                   ᠶᠠᠮᠠᠷ  ᠬᠥᠮᠦᠰ  ᠦᠰᠦ  ᠪᠤᠳᠤᠬᠤ ᠳᠤ  ᠲᠣᠬᠢᠷᠠᠬᠤ  ᠦᠭᠡᠢ  ᠪᠣᠢ︖  ᠲᠣᠯᠣᠭᠠᠢ ᠶᠢᠨ  ᠬᠤᠶᠢᠬ᠎ᠠ  ᠪᠠ  ᠠᠷᠠᠰᠤ ᠬᠦᠷᠦᠰᠤ ᠨᠢ ᠬᠠᠷᠰᠢᠮᠲᠤᠭᠠᠢ ᠬᠥᠮᠦᠰ᠂ ᠠᠷᠠᠰᠤ ᠨᠢ  ᠭᠡᠮᠲᠦᠭᠰᠡᠳ᠂  ᠵᠢᠷᠮᠦᠰᠦᠨ  ᠡᠮᠡᠭᠲᠡᠢ  ᠪᠠ  ᠬᠥᠬᠦᠭᠦᠯ  ᠡᠮᠡᠭᠲᠡᠶᠢᠴᠦᠳ᠂ ᠨᠠᠰᠤᠲᠠᠶᠢᠴᠤᠳ ᠪᠠ ᠡᠯᠢᠭᠡ ᠪᠥᠭᠡᠷ᠎ᠡ ᠮᠠᠭᠤᠲᠠᠢ ᠬᠥᠮᠦᠰ ᠦᠰᠦ ᠪᠤᠳᠤᠬᠤ ᠳᠤ ᠲᠣᠬᠢᠷᠠᠬᠤ ᠦᠭᠡᠢ᠃ᠢᠷᠡᠯᠲᠡ᠄  ᠳᠡᠪᠰᠢᠭᠦᠯᠦᠭᠴᠢ᠄  ᠲᠡᠷᠭᠡᠯ 
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2