ᠤᠰᠤ ᠶᠢ ᠬᠡᠳᠦᠷᠡᠳᠡᠯ᠎ᠡ ᠤᠤᠭᠤᠪᠠᠯ ᠬᠤᠤᠷ ᠪᠤᠯᠤᠨ᠎ᠠ
ᠨᠡᠶᠢᠲᠡᠯᠡᠭᠰᠡᠨ ᠴᠠᠭ᠄
2023/11/23
ᠤᠰᠤ ᠶᠢ ᠬᠡᠳᠦᠷᠡᠳᠡᠯ᠎ᠡ ᠤᠤᠭᠤᠪᠠᠯ ᠬᠤᠤᠷ ᠪᠤᠯᠤᠨ᠎ᠠ                 ᠮᠡᠳᠡᠭᠡᠵᠢ ᠪᠠᠷ᠂ ᠤᠰᠤ ᠤᠤᠭᠤᠬᠤ  ᠨᠢ ᠰᠢᠨ᠎ᠡ ᠲᠢᠲᠢᠮᠯᠢᠭ ᠸᠢᠷᠦ᠋ᠰ᠂  ᠬᠢᠮᠤᠷᠠᠭ᠎ᠠ  ᠲᠠᠬᠰᠢᠭᠤᠷ  ᠵᠡᠷᠭᠡ  ᠡᠪᠡᠳᠴᠢᠨ ᠬᠢᠵᠢᠭ ᠢ ᠰᠡᠷᠭᠡᠶᠢᠯᠡᠨ ᠨᠠᠮᠳᠠᠭᠠᠬᠤ ᠦᠢᠯᠡᠳᠦᠯ  ᠲᠠᠢ ᠪᠠᠶᠢᠳᠠᠭ᠂ ᠬᠡᠬᠦ ᠳᠡᠭᠡᠨ ᠤᠰᠤ ᠶᠢ ᠬᠡᠳᠦᠷᠡᠳᠡᠯ᠎ᠡ ᠤᠤᠭᠤᠪᠠᠯ  ᠬᠠᠷᠢᠨ  ᠪᠠᠰᠠ ᠤᠰᠤᠨ  ᠳᠤ  ᠬᠤᠤᠷᠳᠠᠬᠳᠠᠵᠦ ᠮᠡᠳᠡᠨ᠎ᠡ᠃   ᠡᠨᠡ  ᠨᠢ ᠭᠤᠤᠯᠳᠠᠭᠤ ᠤᠰᠤ ᠨᠦᠬᠦᠪᠦᠷᠢᠯᠡᠬᠦ  ᠬᠡᠮᠵᠢᠶ᠎ᠡ   ᠨᠢ  ᠤᠰᠤ  ᠢᠯᠭᠠᠷᠠᠭᠤᠯᠬᠤ  ᠬᠡᠮᠵᠢᠶᠡᠨ ᠠᠴᠠ  ᠬᠡᠳᠦᠷᠡᠵᠦ᠂ ᠬᠦᠮᠦᠨ ᠤ ᠪᠡᠶ᠎ᠡ ᠶᠢᠨ ᠴᠢᠰᠤᠨ ᠤ  ᠲᠤᠳᠤᠷᠠᠬᠢ ᠨᠠᠲᠷᠢ ᠶᠢᠨ ᠬᠡᠮᠵᠢᠶ᠎ᠡ  ᠨᠢ  ᠲᠤᠤᠷ᠎ᠠ ᠪᠤᠯᠳᠠᠭ᠂  ᠵᠠᠷᠢᠮ  ᠦᠶ᠎ᠡ ᠳᠤ  ᠵᠠᠭᠤᠷᠠᠬᠤ᠂ ᠮᠡᠳᠡᠭᠡ ᠠᠯᠳᠠᠬᠤ ᠵᠡᠷᠭᠡ ᠦᠵᠡᠭᠳᠡᠯ ᠢᠯᠡᠷᠡᠵᠦ᠂ ᠴᠢᠨᠠᠬᠰᠢᠯᠠᠨ ᠠᠮᠢ ᠨᠠᠰᠤᠨ  ᠳᠤ ᠠᠶᠤᠯ  ᠲᠤᠯᠭᠠᠷᠠᠭᠤᠯᠳᠠᠭ  ᠶᠤᠮ  ᠪᠠᠶᠢᠨ᠎ᠠ᠃ ᠡᠷᠡᠭᠳᠡᠶᠢᠴᠤᠳ ᠡᠳᠦᠷ  ᠪᠤᠯᠭᠠᠨ  1700  ᠮᠢᠯᠢᠯᠢᠲᠷ᠂ ᠡᠮᠡᠭᠳᠡᠶᠢᠴᠤᠳ ᠡᠳᠦᠷ ᠪᠤᠯᠭᠠᠨ 1500 ᠮᠢᠯᠢᠯᠢᠲᠷ ᠤᠰᠤ  ᠤᠤᠭᠤᠪᠠᠯ ᠪᠤᠯᠴᠢᠬᠠᠨ᠎ᠠ᠃ ᠬᠡᠬᠦ  ᠳᠡᠭᠡᠨ  ᠪᠠᠭ᠎ᠠ ᠬᠡᠮᠵᠢᠶ᠎ᠡ ᠪᠠᠷ ᠤᠯᠠᠨ ᠤᠳᠠᠭ᠎ᠠ  ᠤᠤᠭᠤᠪᠠᠯ  ᠵᠤᠬᠢᠨ᠎ᠠ᠂  ᠪᠠᠰᠠ  ᠴᠠᠭ  ᠤᠯᠠᠷᠢᠯ᠂  ᠪᠡᠶ᠎ᠡ‌‍ᠲ᠋ᠠᠮᠢᠷ ᠤᠨ ᠬᠦᠳᠡᠯᠭᠡᠭᠡᠨ ᠪᠠ ᠡᠪᠡᠳᠴᠢᠨ  ᠡᠮᠭᠡᠭ ᠤᠨ  ᠪᠠᠶᠢᠳᠠᠯ  ᠵᠡᠷᠭᠡ ᠶᠢ  ᠦᠨᠳᠦᠰᠦᠯᠡᠵᠦ  ᠪᠠᠶᠢᠭᠠᠳ  ᠤᠰᠤ  ᠤᠤᠭᠤᠬᠤ ᠬᠡᠮᠵᠢᠶ᠎ᠡ ᠶᠢ ᠲᠤᠬᠢᠷᠠᠭᠤᠯᠵᠦ ᠪᠤᠯᠤᠨ᠎ᠠ ᠭᠡᠵᠦ ᠲᠤᠰᠬᠠᠢ ᠮᠡᠷᠭᠡᠵᠢᠯᠳᠡᠨ ᠰᠠᠨᠠᠭᠤᠯᠵᠦ ᠪᠠᠶᠢᠨ᠎ᠠ᠃ᠢᠷᠡᠯᠲᠡ᠄  ᠠᠷᠠᠤᠨ ᠤᠨ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2