ᠨᠣᠮ ᠤᠩᠰᠢᠬᠤ ᠪᠠ ᠨᠣᠮ ᠤᠩᠰᠢᠬᠤ ᠦᠭᠡᠢ ᠶᠢᠨ ᠢᠯᠭᠠᠭ᠎ᠠ
ᠨᠡᠶᠢᠲᠡᠯᠡᠭᠰᠡᠨ ᠴᠠᠭ᠄
2023/11/23
ᠨᠣᠮ ᠤᠩᠰᠢᠬᠤ ᠪᠠ ᠨᠣᠮ ᠤᠩᠰᠢᠬᠤ ᠦᠭᠡᠢ ᠶᠢᠨ ᠢᠯᠭᠠᠭ᠎ᠠ                     1 ᠬᠠᠷᠠᠭ᠎ᠠ ᠪᠠᠨ ᠲᠡᠯᠡᠬᠦ ᠲᠤᠬᠠᠢ                              ᠰᠦᠯᠵᠢᠶᠡᠨ ᠳᠡᠭᠡᠷ᠎ᠡ ᠵᠠᠷᠢᠮ ᠬᠥᠮᠥᠨ ︽ᠶᠠᠭᠠᠬᠢᠪᠠᠯ ᠰᠠᠶ᠋ᠢ ᠬᠠᠮᠤᠭ ᠤᠨ  ᠠᠮᠠᠷᠬᠠᠨ ᠢᠶᠠᠷ  ᠶᠢᠷᠲᠢᠨᠴᠦ ᠲᠠᠢ  ᠲᠠᠨᠢᠯᠴᠠᠵᠤ ᠴᠢᠳᠠᠬᠤ ᠪᠤᠢ︖︾ ᠭᠡᠵᠦ ᠠᠰᠠᠭᠤᠬᠤ ᠳᠤ᠂  ︽ᠶᠢᠷᠲᠢᠨᠴᠦ ᠲᠠᠢ ᠲᠠᠨᠢᠯᠴᠠᠬᠤ ᠭᠡᠳᠡᠭ ᠨᠢ  ᠳᠡᠯᠡᠬᠡᠶ  ᠶᠢᠷᠲᠢᠨᠴᠦ ᠳᠤ  ᠨᠢᠭᠡ  ᠯᠡ ᠲᠠᠯ᠎ᠠ ᠪᠠᠶᠢᠬᠤ ᠪᠢᠰᠢ᠂ ᠬᠠᠷᠢᠨ ᠨᠣᠮ ᠪᠢᠴᠢᠭ ᠤᠩᠰᠢᠬᠤ ᠪᠠᠷ ᠳᠠᠮᠵᠢᠨ  ᠳᠡᠯᠡᠬᠡᠶ  ᠶᠢᠷᠲᠢᠨᠴᠦ ᠶᠢᠨ  ᠠᠳᠠᠯᠢ  ᠪᠤᠰᠤ  ᠲᠠᠯ᠎ᠠ ᠵᠢ‌ᠬᠠᠮᠤᠭ ᠠᠴᠠ ᠠᠮᠠᠷᠬᠠᠨ ᠣᠯᠵᠤ ᠬᠠᠷᠠᠳᠠᠭ ᠭᠡᠰᠡᠨ ᠢ ᠬᠡᠯᠡᠵᠦ ᠪᠠᠶᠢᠨ᠎ᠠ︾ ᠭᠡᠰᠡᠨ ᠬᠠᠷᠢᠭᠤᠯᠲᠠ ᠨᠢ  ᠬᠦᠮᠦᠰ ᠤᠨ  ᠰᠠᠶᠢᠰᠢᠶᠠᠯ ᠢ ᠣᠯᠣᠭᠰᠠᠨ ᠪᠠᠶᠢᠨ᠎ᠠ᠃ ᠨᠢᠭᠡᠨ ᠰᠠᠶᠢᠨ ᠨᠣᠮ ᠪᠢᠳᠡᠨ ᠢ ᠳᠠᠭᠠᠭᠤᠯᠤᠨ ᠦᠯᠦ ᠮᠡᠳᠡᠬᠦ ᠶᠢᠷᠲᠢᠨᠴᠦ  ᠶᠢ ᠴᠢᠭᠯᠡᠨ᠎ᠡ᠃ ᠣᠯᠠᠨ  ᠨᠣᠮ  ᠤᠩᠰᠢᠪᠠᠯ᠂ᠡᠨᠡ ᠶᠢᠷᠲᠢᠨᠴᠦ ᠳᠤ ᠵᠥᠪᠬᠡᠨ ᠨᠢᠭᠡ ᠯᠡ ᠵᠦᠢᠯ ᠤᠨ ᠰᠣᠶᠣᠯ ᠪᠠᠶᠢᠬᠤ ᠪᠢᠰᠢ ᠭᠡᠳᠡᠭ ᠢ ᠮᠡᠳᠡᠵᠤ᠂ ᠠᠳᠠᠯᠢ ᠪᠤᠰᠤ  ᠦᠵᠡᠯᠲᠡ ᠶᠢ ᠪᠠᠭᠲᠠᠭᠠᠵᠤ ᠳᠡᠶᠢᠯᠬᠦ ᠪᠣᠯᠣᠨ᠎ᠠ᠂ ᠬᠥᠮᠦᠨ ᠤ ᠠᠮᠢᠳᠤᠷᠠᠯ ᠳᠤ ᠵᠥᠪᠬᠡᠨ ᠨᠢᠭᠡ ᠯᠡ ᠵᠦᠢᠯ ᠤᠨ ᠠᠮᠢᠳᠤᠷᠠᠬᠤ ᠠᠷᠭ᠎ᠠ ᠪᠠᠶᠢᠬᠤ ᠪᠢᠰᠢ ᠭᠡᠳᠡᠭ ᠢ ᠮᠡᠳᠡᠵᠤ᠂ ᠪᠤᠰᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠣᠶᠢᠯᠠᠭᠠᠯᠲᠠ ᠲᠠᠢ ᠪᠣᠯᠳᠠᠭ᠃                                                 2 ᠲᠥᠭᠡᠷᠢᠭᠳᠡᠯ ᠢ ᠲᠠᠶᠢᠯᠬᠤ ᠲᠤᠬᠠᠶ                              ᠪᠢᠳᠡᠨ ᠤ ᠤᠩᠰᠢᠵᠤ ᠥᠩᠭᠡᠷᠡᠭᠰᠡᠨ ᠨᠣᠮ ᠪᠢᠴᠢᠭ ᠨᠢᠭᠡᠪᠦᠷᠢ ᠴᠥᠮ  ᠪᠢᠳᠡᠨ ᠤ  ᠦᠵᠡᠯ  ᠰᠠᠨᠠᠭᠠᠨ ᠳᠤ  ᠬᠦᠴᠦᠨ ᠬᠤᠷᠠᠮᠳᠤᠭᠤᠯᠵᠤ ᠪᠠᠶᠢᠨ᠎ᠠ᠃ ᠨᠣᠮ ᠤᠩᠰᠢᠬᠤ  ᠪᠠᠷ ᠳᠠᠮᠵᠢᠨ ᠪᠢᠳᠡ ᠬᠥᠮᠦᠨ ᠲᠠᠢ ᠶᠠᠪᠤᠯᠴᠠᠬᠤ ᠤᠶᠤᠨ ᠤᠬᠠᠭᠠᠨ ᠢ ᠣᠯᠵᠤ᠂ ᠠᠮᠢᠳᠤᠷᠠᠯ ᠢᠶᠠᠨ ᠤᠯᠠᠮ ᠰᠠᠶᠢᠨ ᠪᠣᠯᠭᠠᠵᠤ ᠴᠢᠳᠠᠨ᠎ᠠ᠃        ᠠᠮᠢᠳᠤᠷᠠᠯ ᠤᠨ ᠣᠶᠢᠯᠠᠭᠠᠭᠳᠠᠰᠢ ᠦᠭᠡᠢ ᠵᠦᠢᠯ ᠪᠠ ᠰᠡᠵᠢᠭ ᠡᠷᠡᠭᠡᠯᠵᠡᠯ ᠢ ᠪᠦᠷ ᠨᠣᠮ ᠳᠣᠲᠣᠷ᠎ᠠ ᠠᠴᠠ  ᠬᠠᠷᠢᠭᠤᠯᠲᠠ‌ᠣᠯᠳᠠᠭ᠃                                   3 ᠥᠪᠡᠷ ᠢ ᠪᠠᠨ ᠢᠯᠡᠳᠬᠡᠬᠦ ᠲᠤᠬᠠᠶ                                ᠨᠣᠮ  ᠪᠢᠴᠢᠭ  ᠤᠩᠰᠢᠬᠤ ᠪᠠ ᠨᠣᠮ ᠪᠢᠴᠢᠭ  ᠤᠩᠰᠢᠬᠤ ᠦᠭᠡᠢ ᠬᠥᠮᠦᠰ ᠤᠨ  ᠶᠢᠷᠲᠢᠨᠴᠦ ᠶᠢᠨ ᠲᠤᠬᠠᠶ  ᠲᠦᠷᠦᠭᠳᠡᠯ ᠨᠢ ᠠᠳᠠᠯᠢ ᠦᠭᠡᠢ  ᠪᠠᠶᠢᠳᠠᠭ᠃  ᠬᠡᠳᠦᠶ ᠣᠯᠠᠨ ᠨᠣᠮ ᠤᠩᠰᠢᠪᠠᠯ ᠂ ᠥᠪᠡᠷ ᠤᠨ ᠰᠡᠷᠡᠵᠦ ᠮᠡᠳᠡᠬᠦ ᠪᠠ‌ᠢᠯᠡᠳᠬᠡᠬᠦ ᠴᠢᠳᠠᠪᠤᠷᠢ  ᠪᠠᠨ ᠲᠡᠳᠦᠶ ᠳᠡᠭᠡᠭᠰᠢᠯᠡᠭᠦᠯᠵᠦ ᠲᠠᠶᠢᠯᠤᠨ᠎ᠠ᠃                                          4 ᠬᠥᠮᠦᠨ ᠤ ᠠᠮᠢᠳᠤᠷᠠᠯ ᠤᠨ ᠲᠤᠬᠠᠶ                                ᠶᠡᠷᠦ ᠶᠢᠨ ᠦᠭᠡᠨ ᠳᠤ ᠲᠡᠦᠬᠡ ᠤᠩᠰᠢᠬᠤ ᠨᠢ ᠬᠥᠮᠦᠨ ᠢ ᠮᠡᠷᠭᠡᠨ ᠪᠣᠯᠭᠠᠵᠤ᠂ ᠰᠢᠯᠦᠭ  ᠤᠩᠰᠢᠬᠤ   ᠨᠢ  ᠬᠥᠮᠦᠨ ᠢ ᠤᠷᠠᠨ ᠭᠤᠶᠣᠮᠰᠤᠭ ᠪᠣᠯᠭᠠᠳᠠᠭ  ᠭᠡᠳᠡᠭ᠃  ᠨᠣᠮ  ᠤᠩᠰᠢᠬᠤ ᠶᠢᠨ  ᠰᠠᠶᠢᠨ ᠲᠠᠢ  ᠲᠠᠯ᠎ᠠ  ᠭᠡᠪᠡᠯ᠂  ᠥᠪᠡᠷ ᠤᠨ  ᠪᠡᠶ᠎ᠡ  ᠪᠠ ᠶᠢᠷᠲᠢᠨᠴᠦ ᠶᠢᠨ ᠴᠣᠩᠬᠤ ᠶᠢ ᠨᠡᠭᠡᠭᠡᠵᠦ ᠴᠢᠳᠠᠬᠤ ᠳᠤ ᠣᠷᠣᠰᠢᠨ᠎ᠠ᠃ ᠨᠣᠮ ᠤᠩᠰᠢᠵᠤ ᠭᠦᠨᠵᠡᠭᠡᠶᠢᠷᠡᠬᠦ ᠶᠢ ᠳᠠᠭᠠᠯᠳᠤ᠋ ‍ᠨ᠂  ᠨᠡᠶᠢᠭᠡᠮ ᠪᠠ ᠬᠥᠮᠦᠨ ᠤ ᠠᠮᠢᠳᠤᠷᠠᠯ ᠤᠨ ᠲᠤᠬᠠᠶ ᠲᠠᠨᠢᠯᠲᠠ ᠤᠯᠠᠮ  ᠭᠦᠨᠵᠡᠭᠡᠶ  ᠪᠣᠯᠵᠤ᠂  ᠳᠣᠲᠣᠭᠠᠳᠤ  ᠰᠡᠳᠬᠢᠯ  ᠴᠦ  ᠤᠯᠠᠮ  ᠪᠠᠲᠤ ᠢᠲᠡᠭᠡᠯ ᠲᠠᠢ ᠪᠣᠯᠬᠤ ᠶᠤᠮ᠃                                    ᠣᠯᠠᠨ ᠨᠣᠮ ᠤᠩᠰᠢᠭᠠᠷᠠᠢ︕ ᠭᠦᠢᠴᠡᠳ ᠠᠷᠪᠢᠨ ᠨᠣᠮ  ᠤᠩᠰᠢᠭᠰᠠᠨ  ᠦᠶ᠎ᠡ ᠳᠤ᠂  ᠠᠮᠢ  ᠨᠠᠰᠤᠨ ᠤ  ᠬᠢᠵᠠᠭᠠᠷ ᠦᠭᠡᠢ ᠥᠷᠭᠡᠨ ᠠᠭᠤᠳᠠᠮ ᠢ ᠮᠡᠳᠡᠷᠡᠵᠦ᠂ ᠬᠥᠮᠦᠨ ᠤ ᠠᠮᠢᠳᠤᠷᠠᠯ ᠤᠨ ᠬᠢᠵᠠᠭᠠᠷ ᠦᠭᠡᠢ  ᠪᠣᠯᠤᠯᠴᠠᠭ᠎ᠠ ᠶᠢ  ᠣᠯᠵᠤ  ᠮᠡᠳᠡᠨ᠎ᠡ᠃ ᠢᠷᠡᠭᠡᠳᠦᠢ ᠶᠢᠨ ᠵᠠᠮ ᠦᠯᠦ ᠮᠡᠳᠡᠭᠳᠡᠭᠰᠡᠨ ᠴᠤ ᠴᠢ ᠶᠠᠭᠤᠨ ᠠᠴᠠ ᠴᠤ ᠠᠶᠤᠬᠤ ᠦᠭᠡᠢ ᠪᠠᠷ  ᠲᠠᠷᠠᠭᠠᠴᠢ ᠶᠢᠨ  ᠨᠢᠭᠡᠨ  ᠦᠯᠦ‌ᠮᠡᠳᠡᠬᠦ ᠥᠨᠳᠥᠷ ᠤᠷᠬᠢᠯ ᠳᠤ ᠮᠠᠴᠤᠵᠤ ᠴᠢᠳᠠᠬᠤ ᠶᠤᠮ᠃ᠢᠷᠡᠯᠲᠡ᠄  ᠠᠷᠠᠤᠨ ᠤᠨ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2