ᠡᠨᠡ ᠬᠥᠳᠡᠯᠭᠡᠭᠡᠨ ᠢ ᠡᠳᠦᠷ ᠪᠦᠷᠢ ᠪᠠᠷᠢᠮᠳᠠᠯᠠᠵᠦ ᠪᠠᠢ᠂ ᠪᠡᠶ᠎ᠡ ᠳᠤ ᠮᠠᠰᠢ ᠰᠠᠶᠢᠨ︕ | | 1. ᠬᠤᠭᠤᠯᠠ ᠢᠳᠡᠭᠰᠡᠨ ᠤ ᠳᠠᠷᠠᠭ᠎ᠠ ᠬᠡᠷᠡᠮ ᠲᠠᠢ ᠨᠠᠭᠠᠯᠳᠣᠵᠦ ᠵᠤᠬᠰᠣᠬᠤ ᠨᠢ᠂ ᠮᠠᠷᠢᠶ᠎ᠠ | ᠰᠢᠭᠤᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭᠠᠨ ᠳᠠᠭᠠᠨ 10 ᠠᠴᠠ | 15 ᠮᠢᠨᠦ᠋ᠲ ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ ᠬᠡᠷᠡᠭᠲᠡᠢ᠃ | | 2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ ᠰᠡᠭᠡᠷ ᠢ ᠠᠮᠠᠷᠠᠭᠤᠯᠳᠠᠭ᠃ ᠪᠡᠭᠡᠵᠢᠩ ᠤᠨ | ᠰᠢᠶᠧ ᠾᠧ ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ ᠸᠧᠢ ᠶᠢᠨ | ᠲᠠᠨᠢᠯᠴᠠᠭᠤᠯᠤᠭᠰᠠᠨ ᠢᠶᠠᠷ᠂ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ ᠨᠢᠷᠤᠭᠤ ᠶᠢ | ᠭᠦᠢᠴᠡᠳ ᠠᠮᠠᠷᠠᠭᠤᠯᠵᠦ ᠴᠢᠳᠠᠳᠠᠭᠶᠤᠮ ᠪᠠᠶᠢᠨ᠎ᠠ᠃ | 3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ | ᠭᠡᠷᠡᠭᠳᠡᠢ᠃ ᠡᠮᠴᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ ᠰᠠᠨᠠᠭᠠᠴᠢᠯᠠᠭ᠎ᠠ | ᠠᠴᠠ ᠪᠠᠨ ᠰᠡᠭᠡᠷ ᠵᠶ᠋ᠡᠨᠵᠠᠰᠠᠵᠤ ᠪᠤᠯᠳᠠᠭ᠂ ᠤᠴᠢᠷ ᠨᠢ ᠬᠦᠮᠦᠰ ᠰᠡᠭᠡᠷ ᠨᠢᠷᠤᠭᠤ ᠪᠠᠨ ᠬᠠᠵᠠᠶᠢᠯᠭᠠᠵᠦ | ᠵᠤᠬᠰᠣᠬᠤ ᠳᠣᠷᠠᠳᠠᠢ ᠪᠠᠶᠢᠵᠤ᠂ ᠬᠡᠷᠡᠮ ᠲᠠᠢ ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ | ᠬᠡᠮᠵᠢᠶ᠎ᠡ ᠪᠠᠷ ᠳᠡᠭᠰᠢᠯᠡᠬᠦ ᠪᠠ ᠵᠠᠰᠠᠬᠤ ᠦᠢᠯᠡᠳᠦᠯ ᠲᠠᠢ ᠪᠠᠶᠢᠳᠠᠭ ᠶᠤᠮ ᠪᠠᠶᠢᠨ᠎ᠠ᠃ | 4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ | ᠪᠥᠭᠲᠥᠷ ᠢ ᠬᠡᠷᠡᠮᠲ᠋ᠠᠢ ᠨᠠᠭᠠᠯᠳᠣᠵᠦ ᠵᠤᠬᠰᠣᠭᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ | ᠵᠦᠭᠡᠷ ᠪᠠᠶᠢᠳᠠᠭ ᠶᠤᠮ᠃ | 5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ ᠵᠠᠰᠠᠵᠦ ᠪᠤᠯᠳᠠᠭ᠃ | ᠣᠳᠣᠬᠠᠨ ᠳᠤ ᠣᠯᠠᠨ ᠬᠦᠮᠦᠰ ᠤᠨ ᠠᠯᠬᠤᠵᠦ ᠬᠢᠰᠬᠢᠬᠦ ᠨᠢ ᠡᠪ ᠦᠬᠡᠢ ᠪᠠᠶᠢᠵᠦ᠂ ᠦᠷᠭᠦᠯᠵᠢ ᠬᠡᠷᠡᠮ ᠲᠠᠢ | ᠨᠠᠭᠠᠯᠳᠣᠵᠦ ᠵᠤᠬᠰᠣᠪᠠᠯ ᠲᠡᠭᠦᠨ ᠢ ᠵᠠᠰᠠᠵᠦ ᠪᠤᠯᠳᠠᠭ ᠶᠤᠮ ᠪᠠᠶᠢᠨ᠎ᠠ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |