ᠰᠥᠨᠢ ᠣᠷᠣᠢ ᠬᠡᠳᠦ ᠢᠳᠡᠬᠦ ᠨᠢ ᠪᠡᠶ᠎ᠡ ᠳᠤ ᠶᠠᠮᠠᠷ ᠨᠥᠯᠥᠭᠡ ᠲᠠᠢ ᠪᠣᠯ︖
ᠨᠡᠶᠢᠲᠡᠯᠡᠭᠰᠡᠨ ᠴᠠᠭ᠄
2023/11/23
ᠰᠥᠨᠢ ᠣᠷᠣᠢ ᠬᠡᠳᠦ ᠢᠳᠡᠬᠦ ᠨᠢ ᠪᠡᠶ᠎ᠡ ᠳᠤ ᠶᠠᠮᠠᠷ ᠨᠥᠯᠥᠭᠡ ᠲᠠᠢ ᠪᠣᠯ︖                 ᠶᠡᠷᠦᠨᠢ ᠭᠡᠨᠡᠳᠲᠡ ᠶᠢᠨ ᠦᠬᠦᠯ ᠤᠨ ᠣᠯᠠᠩᠬᠢ ᠨᠢ ᠵᠢᠷᠦᠬᠡᠨ ᠠᠴᠠ  ᠰᠢᠯᠲᠠᠭᠠᠯᠠᠳᠠᠭ᠃  ᠪᠡᠭᠡᠵᠢᠩ ᠤᠨ  ᠠᠨ  ᠵᠧᠨ‌ᠡᠮᠨᠡᠯᠭᠡ ᠶᠢᠨ ᠬᠤᠷᠢᠶᠠᠨ ᠤ ᠪᠠᠴᠢᠮ ᠡᠮᠨᠡᠯᠭᠡ ᠶᠢᠨ ᠬᠦᠨᠳᠦ ᠡᠪᠡᠳᠴᠢᠨ ᠤ ᠲᠥᠪ ᠤᠨ ᠳᠡᠳ᠋ ᠡᠷᠬᠢᠯᠡᠭᠴᠢ᠂ ᠡᠮᠴᠢ  ᠾᠧ ᠰᠢᠶᠣᠣ ᠨᠠᠨ  ᠢᠯᠡᠷᠬᠡᠶᠢᠯᠡᠬᠦ ᠳᠡᠭᠡᠨ᠂ 8  ᠴᠠᠭ ᠢᠶᠠᠷ  ᠤᠳᠠᠭᠠᠨ  ᠰᠠᠭᠤᠪᠠᠯ  ᠭᠡᠨᠡᠳᠲᠡ ᠶᠢᠨ ᠦᠬᠦᠯ ᠤᠨ ᠲᠦᠭᠰᠢᠭᠦᠷᠢ ᠶᠢ  ᠦᠨᠡᠬᠡᠷ ᠨᠡᠮᠡᠭᠳᠡᠭᠦᠯᠬᠦ ᠪᠣᠯᠣᠨ᠎ᠠ ᠭᠡᠵᠡᠢ᠃                                ᠤᠳᠠᠭᠠᠨ ᠰᠠᠭᠤᠪᠠᠯ  ᠴᠢᠰᠤᠨ ᠤ  ᠡᠷᠬᠢᠯᠳᠡ ᠶᠢ  ᠤᠳᠠᠭᠠᠰᠢᠷᠠᠭᠤᠯᠵᠤ᠂  ᠴᠢᠰᠦ ᠶᠢ  ᠦᠳᠬᠡᠷᠡᠬᠦᠯᠳᠡᠭ᠃  ᠳᠣᠣᠷ᠎ᠠ ᠪᠡᠶ᠎ᠡ ᠶᠢᠨ ᠦᠳᠬᠡᠷᠡᠭᠰᠡᠨ ᠴᠢᠰᠦ ᠵᠢᠷᠦᠬᠡ ᠪᠤᠶᠤ ᠠᠭᠤᠰᠬᠢᠨ ᠤ ᠴᠢᠰᠤᠨ ᠰᠤᠳᠠᠯ ᠳᠤ ᠬᠦᠷᠴᠦ᠂ ᠠᠭᠤᠰᠬᠢᠨ ᠤ ᠴᠢᠰᠤᠨ ᠰᠤᠳᠠᠯ‌‍ᠪᠥ᠋ᠭᠯᠡᠷᠡᠨ᠎ᠡ︔ ᠵᠢᠷᠦᠬᠡ᠂ ᠠᠭᠤᠰᠬᠢ ᠤᠶᠢᠷᠠᠬᠠᠨ ᠪᠠᠶᠢᠳᠠᠭ ᠪᠤᠯᠬᠤᠷ ᠠᠭᠤᠰᠬᠢᠨ ᠤ ᠴᠢᠰᠤᠨ ᠰᠤᠳᠠᠯ ᠪᠥᠭᠯᠡᠷᠡᠭᠰᠡᠨ ᠠᠴᠠ ᠪᠤᠯᠵᠦ ᠵᠢᠷᠦᠬᠡᠨ ᠤ ᠠᠵᠢᠯᠯᠠᠭ᠎ᠠ ᠶᠢ ᠬᠦᠨᠳᠦ ᠨᠣᠴᠢᠲᠠᠢ ᠨᠥᠯᠥᠭᠡᠯᠡᠨ᠎ᠡ᠃              ᠵᠢᠷᠦᠬᠡᠨ ᠤ ᠠᠵᠢᠯᠯᠠᠭ᠎ᠠ  ᠮᠠᠭᠤᠳᠠᠬᠤ  ᠦᠶ᠎ᠡ ᠳᠤ  ᠵᠢᠷᠦᠬᠡᠨ ‍ᠣ‌‍ᠲ᠋ᠤᠷᠤᠶᠢᠳᠠᠯ ᠤᠨ ᠳᠤᠬᠢᠶᠠᠯᠳᠤᠯ ᠪᠤᠯᠳᠠᠭ ᠶᠤᠮ᠃                                     ᠤᠳᠠᠭᠠᠨ ᠰᠠᠭᠤᠬᠤ ᠦᠶ᠎ᠡ ᠶᠠᠭᠠᠬᠢᠪᠠᠯ ᠵᠣᠬᠢᠬᠤ ᠪᠤᠢ ᠬᠡᠪᠡᠯ᠂ ᠨᠢᠭᠡ ᠳᠤ᠂ ᠬᠥᠯ ᠤᠨ ᠬᠤᠷᠤᠭᠤ  ᠪᠠᠨ 20 ᠰᠺᠦ᠋ᠨ᠋ᠳ᠋‌ᠡᠷᠬᠦᠨ᠎ᠠ︔ ᠬᠤᠶᠠᠷ ᠲᠤ᠂ ᠪᠣᠷᠪᠢ ᠪᠠᠨ ᠡᠷᠭᠦᠵᠦ᠂ 20 ᠰᠺᠦ᠋ᠨ᠋ᠳ᠋ ᠪᠠᠷᠢᠮᠲᠠᠯᠠᠨ᠎ᠠ᠃                                   ᠡᠬᠦᠨ ᠠᠴᠠ ᠭᠠᠳᠠᠨ᠎ᠠ ᠰᠦᠨᠢ ᠣᠷᠣᠢ ᠶᠠᠭᠤᠮ᠎ᠠ ᠢᠳᠡᠬᠦ ᠨᠢ ᠪᠡᠶ᠎ᠡ ᠳᠤ ᠮᠠᠰᠢ ᠮᠠᠭᠤ  ᠶᠤᠮ᠃  ᠾᠧ  ᠰᠢᠶᠣᠣ  ᠨᠠᠨ ᠡᠮᠴᠢ ᠶᠢᠨ ᠲᠠᠶᠢᠯᠪᠤᠷᠢᠯᠠᠭᠰᠠᠨ ᠢᠶᠠᠷ᠂ ᠰᠥᠨᠢ ᠶᠢᠨ ᠬᠤᠭᠤᠯᠠᠨ ᠳᠤ ᠠᠮᠢᠲᠠᠨ ᠤ  ᠳᠣᠲᠣᠷ  ᠡᠷᠬᠡᠲᠡᠨ᠂  ᠯᠣᠬᠠᠱᠧᠩ᠂  ᠮᠢᠬᠠᠨ ‍ᠤ‌ᠵᠦ᠋ᠢᠯ ᠵᠡᠷᠭᠡ ᠥᠭᠡᠬᠦ ᠶᠡᠬᠡᠲᠡᠢ᠂ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠶᠡᠬᠡᠲᠡᠢ ᠢᠳᠡᠭᠡᠨ ᠢ  ᠶᠡᠭᠡ  ᠬᠡᠮᠵᠢᠶ᠎ᠡ ᠪᠡᠷ‌ᠢᠳᠡᠪᠡᠯ᠂ ᠴᠢᠰᠤᠨ ᠤ ᠥᠭᠡᠬᠦ ᠳᠣᠰᠣ ᠨᠡᠮᠡᠭᠳᠡᠬᠦ ᠪᠣᠯᠣᠨ᠎ᠠ᠃ ᠢᠩᠬᠢᠬᠡᠳ ᠵᠢᠷᠦᠬᠡᠨ ᠲᠢᠲᠢᠮ ᠤᠨ ᠡᠪᠡᠳᠴᠢᠨ᠂ ᠵᠢᠷᠦᠬᠡ  ᠪᠠᠵᠠᠯᠠᠨ ᠡᠪᠡᠳᠬᠦ᠂ ᠴᠢᠨᠠᠭᠰᠢᠯᠠᠪᠠᠯ ᠵᠢᠷᠦᠬᠡᠨ ᠪᠤᠯᠴᠢᠩ ᠤᠨ ᠲᠦᠭᠵᠢᠷᠡᠯ ᠡᠭᠦᠰᠬᠦ ᠠᠶᠤᠯ ᠢ ᠨᠡᠮᠡᠭᠳᠡᠭᠦᠯᠬᠦ ᠶᠤᠮ ᠪᠠᠶᠢᠨ᠎ᠠ᠃ᠢᠷᠡᠯᠲᠡ᠄  ᠠᠷᠠᠤᠨ ᠤᠨ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2