ᠮᠤᠩᠭᠤᠯᠴᠤᠤᠨ ᠳᠡᠦᠭᠡᠨ ᠲᠠᠭᠡᠷ᠎ᠠ ᠬᠡᠳᠦᠨ ᠵᠦᠢᠯ ᠤᠨ ᠦᠰᠦᠭ ᠪᠢᠴᠢᠭ ᠬᠡᠷᠡᠭᠯᠡᠵᠦ ᠦᠩᠭᠡᠷᠡᠭᠰᠡᠨ | | ᠬᠡᠯᠡ ᠪᠤᠯ ᠬᠦᠮᠦᠨ ᠲᠦᠷᠦᠯᠬᠢᠳᠡᠨ ᠤ ᠪᠤᠳᠤᠯ ᠰᠠᠨᠠᠯ ᠢᠶᠠᠨ ᠰᠤᠯᠢᠯᠴᠠᠬᠤ ᠬᠠᠮᠤᠭ ᠤᠨ ᠴᠢᠬᠤᠯᠠ | ᠬᠠᠷᠢᠯᠴᠠᠭᠠᠨ ᠤ ᠪᠠᠭᠠᠵᠢ ᠪᠤᠯᠤᠨ᠎ᠠ᠃ ᠬᠡᠯᠡ ᠲᠠᠢ ᠪᠤᠯᠤᠭᠰᠠᠨ ᠳᠡᠷᠡ ᠴᠠᠭ ᠠᠴᠠ ᠬᠦᠮᠦᠨ ᠲᠦᠷᠦᠯᠬᠢᠳᠡᠨ | ᠠᠳᠤᠭᠤᠰᠤ ᠠᠮᠢᠳᠠᠨ ᠠᠴᠠ ᠢᠯᠭᠠᠷᠠᠨ᠂ ᠤᠷᠳᠤ ᠤᠳᠠᠭᠠᠨ ᠳᠡᠦᠭᠡᠨ ᠶᠠᠪᠤᠴᠠ ᠳᠤ ᠳᠡᠭᠡᠳᠦ ᠬᠡᠮᠵᠢᠶ᠎ᠡ ᠪᠠᠷ | ᠬᠦᠭᠵᠢᠭᠰᠡᠨ ᠤᠶᠤᠨ ᠮᠡᠳᠡᠷᠡᠯ ᠢ ᠪᠤᠢ ᠪᠤᠯᠭᠠᠵᠠᠢ᠃ ᠨᠡᠶᠢᠭᠡᠮ ᠳᠡᠦᠭᠡ ᠶᠢᠨ ᠬᠦᠭᠵᠢᠯᠳᠡ ᠶᠢᠨ ᠶᠠᠪᠤᠴᠠ ᠳᠤ ᠬᠡᠯᠡ ᠶᠢ | ᠳᠡᠮᠳᠡᠭᠯᠡᠬᠦ ᠳᠡᠮᠳᠡᠭ — ᠦᠰᠦᠭ ᠪᠢᠴᠢᠭ ᠪᠤᠢ ᠪᠤᠯᠵᠠᠢ᠃ ᠬᠦᠮᠦᠨ ᠲᠦᠷᠦᠯᠬᠢᠳᠡᠨ ᠦᠰᠦᠭ ᠪᠢᠴᠢᠭ ᠲᠠᠢ | ᠪᠤᠯᠤᠭᠰᠠᠨ ᠠᠴᠠ ᠬᠤᠶᠢᠰᠢᠬᠢ ᠬᠡᠳᠦᠨ ᠮᠢᠩᠭᠠᠨ ᠵᠢᠯ ᠤᠨ ᠳᠤᠳᠤᠷ᠎ᠠ ᠤᠯᠠᠨ ᠵᠥᠢᠯ ᠤᠨ ᠦᠰᠦᠭ ᠪᠢᠴᠢᠭ ᠢ | ᠡᠬᠦᠳᠦᠨ ᠪᠦᠳᠦᠭᠡᠭᠰᠡᠨ ᠶᠤᠮ᠃ ᠵᠢᠷᠤᠭᠳᠤ ᠦᠰᠦᠭ ︵ᠳᠡᠯᠡᠭᠡᠢ ᠳᠡᠭᠡᠷ᠎ᠡ ᠬᠠᠮᠤᠭ ᠤᠨ ᠡᠷᠳᠡ ᠪᠤᠯᠤᠭᠰᠠᠨ ᠬᠢᠳᠡᠳ | ᠦᠰᠦᠭ ᠪᠤᠯᠤᠨ ᠶᠧᠵᠢᠫᠲ ᠦᠰᠦᠭ ᠪᠤᠯ ᠵᠢᠷᠤᠭᠳᠤ ᠦᠰᠦᠭ ᠠᠴᠠ ᠪᠤᠢ ᠪᠤᠯᠵᠠᠢ︶᠂ ᠤᠳᠬᠠᠳᠤ ᠦᠰᠦᠭ ︵ | ᠳᠤᠭᠳᠠᠭᠰᠠᠨ ᠨᠢᠭᠡ ᠵᠢᠷᠤᠭ ᠲᠦᠷᠰᠦ ᠪᠤᠶᠤ ᠳᠡᠮᠳᠡᠭ ᠢᠶᠠᠷ ᠳᠤᠭᠳᠠᠭᠰᠠᠨ ᠨᠢᠭᠡ ᠤᠳᠬ᠎ᠠ ᠶᠢ ᠢᠯᠡᠳᠭᠡᠳᠡᠭ᠂ | ᠡᠷᠳᠡᠨ ᠤ ᠶᠧᠵᠢᠫᠲ ᠦᠰᠦᠭ᠂ ᠪᠠᠪᠢᠯᠤᠨ ᠤ ᠱᠠᠭᠠᠴᠠᠭᠳᠤ ᠦᠰᠦᠭ ᠪᠦᠷ ᠤᠳᠬᠠᠳᠤ ᠦᠰᠦᠭ ᠤᠨ ᠱᠠᠳᠤ ᠶᠢ | ᠳᠠᠮᠵᠢᠪᠠ᠂ ᠬᠢᠳᠡᠳ ᠦᠰᠦᠭ ᠪᠤᠯ ᠤᠳᠬᠠᠳᠤ ᠦᠰᠦᠭ ᠶᠤᠮ︶᠂ ᠠᠪᠢᠶᠠᠳᠤ ᠦᠰᠦᠭ ︵ᠳᠤᠭᠳᠠᠭᠰᠠᠨ ᠴᠦᠭᠡᠨ | ᠳᠤᠭᠠᠨ ᠤ ᠦᠰᠦᠭ ᠤᠨ ᠳᠡᠮᠳᠡᠭ ᠢᠶᠠᠷ ᠬᠡᠯᠡᠨ ᠤ ᠠᠪᠢᠶᠠᠨ ᠤ ᠨᠢᠭᠡᠴᠢ ᠶᠢ ᠢᠯᠡᠳᠭᠡᠵᠦ᠂ ᠮᠠᠰᠢ ᠪᠠᠶᠠᠯᠢᠭ ᠪᠦᠭᠡᠳ | ᠨᠠᠷᠢᠨ ᠪᠤᠳᠤᠯᠢᠶᠠᠨᠳᠠᠢ ᠬᠡᠯᠡ ᠶᠢ ᠳᠡᠮᠳᠡᠭᠯᠡᠳᠡᠭ᠂ ᠰᠤᠷᠬᠤ ᠳᠤ ᠬᠢᠯᠪᠠᠷ᠂ ᠡᠵᠡᠮᠰᠢᠬᠦ ᠳᠤ ᠠᠮᠠᠷᠬᠠᠨ᠂ ᠬᠠᠮᠤᠭ ᠤᠨ | ᠰᠢᠨᠵᠢᠯᠡᠬᠦ ᠤᠬᠠᠭᠠᠨᠴᠢ ᠦᠰᠦᠭ ᠪᠢᠴᠢᠭ ᠪᠤᠯᠤᠨ᠎ᠠ︶ ᠭᠡᠬᠦ ᠭᠤᠷᠪᠠᠨ ᠱᠠᠳᠤ ᠶᠢ ᠦᠩᠭᠡᠷᠡᠭᠡᠵᠡᠢ᠃ ᠤᠨ | ᠳᠤᠭᠠᠯᠠᠯ ᠠᠴᠠ ᠡᠮᠦᠨᠡᠬᠢ ᠵᠢᠷᠭᠤᠭᠠᠨ ᠮᠢᠩᠭᠠᠨ ᠵᠢᠯ ᠤᠨ ᠡᠮᠦᠨ᠎ᠡ᠂ ᠠᠹᠷᠢᠺᠠ ᠲᠢᠪ ᠤᠨ ᠶᠧᠵᠢᠫᠲ ᠤᠯᠤᠰ ᠲᠤ | ᠪᠤᠭᠳᠠᠰ ᠤᠨ ᠰᠡᠶᠢᠯᠪᠤᠷᠢ ᠦᠰᠦᠭ ᠬᠡᠮᠡᠨ ᠬᠦᠨᠳᠦᠳᠭᠡᠨ ᠨᠡᠷᠡᠯᠡᠭᠳᠡᠵᠦ ᠪᠠᠶᠢᠭᠰᠠᠨ ᠮᠢᠰᠢᠷ ᠦᠰᠦᠭ ᠪᠤᠢ ᠪᠤᠯᠪᠠ᠃ | ᠤᠨ ᠳᠤᠭᠠᠯᠠᠯ ᠠᠴᠠ ᠡᠮᠦᠨᠡᠬᠢ ᠲᠦᠷᠪᠡᠨ ᠮᠢᠩᠭᠠᠨ ᠵᠢᠯ ᠤᠨ ᠡᠮᠦᠨ᠎ᠡ ᠮᠢᠰᠢᠷ ᠦᠰᠦᠭ ᠠᠴᠠ ᠰᠧᠮᠢᠲ ᠦᠰᠦᠭ ᠪᠤᠢ | ᠪᠤᠯᠵᠦ᠂ ᠤᠨ ᠳᠤᠭᠠᠯᠠᠯ ᠠᠴᠠ ᠡᠮᠦᠨᠡᠬᠢ ᠬᠤᠶᠠᠷ ᠮᠢᠩᠭᠠᠨ ᠵᠢᠯ ᠤᠨ ᠡᠮᠦᠨ᠎ᠡ ᠰᠧᠮᠢᠲ ᠦᠰᠦᠭ ᠤᠨ ᠰᠠᠭᠤᠷᠢᠨ | ᠳᠡᠭᠡᠷ᠎ᠡ ᠹᠢᠨᠢᠬᠢ ᠴᠠᠭᠠᠨ ᠳᠤᠯᠤᠭᠠᠢ ᠪᠤᠢ ᠪᠤᠯᠵᠡᠢ᠃ ᠹᠢᠨᠢᠬᠢ ᠴᠠᠭᠠᠨ ᠳᠤᠯᠤᠭᠠᠢ ᠨᠢ ᠳᠡᠯᠡᠭᠡᠢ ᠳ᠋ᠠᠬᠢᠨ ᠤ ᠬᠠᠮᠤᠭ ᠤᠨ | ᠠᠩᠬᠠᠨ ᠤ ᠴᠠᠭᠠᠨ ᠳᠤᠯᠤᠭᠠᠢ ᠭᠡᠵᠡᠭᠡᠳᠡᠭ ᠪᠦᠭᠡᠳ ᠤᠳᠤ ᠶᠢᠨ ᠳᠡᠯᠡᠭᠡᠢ ᠳᠡᠭᠡᠷ᠎ᠡ ᠦᠷᠭᠡᠨ ᠬᠡᠷᠡᠭᠯᠡᠭᠳᠡᠵᠦ ᠪᠠᠶᠢᠭ᠎ᠠ | ᠴᠠᠭᠠᠨ ᠳᠤᠯᠤᠭᠠᠢ ᠨᠤᠭᠤᠳ ᠪᠤᠯ ᠪᠠᠷᠤᠭ ᠴᠦᠮ ᠹᠢᠨᠢᠬᠢ ᠴᠠᠭᠠᠨ ᠳᠤᠯᠤᠭᠠᠢ ᠠᠴᠠ ᠤᠯᠠᠷᠢᠨ ᠬᠤᠪᠢᠷᠠᠵᠤ ᠢᠷᠡᠵᠡᠢ᠃ | ᠹᠢᠨᠢᠬᠢ ᠴᠠᠭᠠᠨ ᠳᠤᠯᠤᠭᠠᠢ ᠨᠢ ᠡᠮᠦᠨᠡᠳᠦ ᠰᠧᠮᠢᠲ ᠦᠰᠦᠭ᠂ ᠠᠷᠠᠮ ᠦᠰᠦᠭ᠂ ᠭᠷᠸᠢᠡ ᠦᠰᠦᠭ ᠬᠡᠮᠡᠬᠦ ᠭᠤᠷᠪᠠᠨ | ᠰᠠᠯᠠᠭ᠎ᠠ ᠪᠤᠯᠵᠦ ᠬᠦᠭᠵᠢᠪᠡ᠃ | ᠡᠮᠦᠨᠡᠳᠦ ᠰᠧᠮᠢᠲ ᠦᠰᠦᠭ ᠠᠴᠠ ᠡᠨᠡᠳᠭᠡᠭ ᠦᠰᠦᠭ᠂ ᠳᠦᠪᠡᠳ ᠦᠰᠦᠭ ᠡᠬᠦᠰᠴᠦ᠂ ᠲᠦᠪᠡᠳ | ᠦᠰᠦᠭ ᠠᠴᠠ ᠲᠦᠷᠪᠡᠯᠵᠢᠨ ᠦᠰᠦᠭ ᠡᠬᠦᠰᠪᠡ᠃ ᠳᠤᠮᠳᠠᠳᠤ ᠰᠠᠯᠠᠭ᠎ᠠ ᠪᠤᠯᠬᠤ ᠠᠷᠠᠮ ᠦᠰᠦᠭ ᠠᠴᠠ ᠰᠢᠷᠢ | ᠦᠰᠦᠭ᠂ ᠨᠧᠰᠲ᠋ᠤᠷ ᠦᠰᠦᠭ ᠪᠤᠢ ᠪᠤᠯᠵᠦ᠂ ᠵᠢᠷᠭᠤᠭ᠎ᠠ ᠳᠤᠯᠤᠳᠤᠭᠠᠷ ᠵᠠᠭᠤᠨ ᠤ ᠦᠶ᠎ᠡ ᠳᠤ ᠰᠤᠭᠳᠠ ᠦᠰᠦᠭ | ᠡᠬᠦᠰᠴᠦ᠂ ᠰᠤᠭᠳᠠ ᠦᠰᠦᠭ ᠠᠴᠠ ᠡᠷᠳᠡᠨ ᠤ ᠤᠶᠢᠭᠤᠷ ᠦᠰᠦᠭ ᠡᠬᠦᠰᠦᠨ᠂ ᠤᠶᠢᠭᠤᠷ ᠦᠰᠦᠭ ᠤᠨ ᠰᠠᠭᠤᠷᠢᠨ | ᠳᠡᠭᠡᠷ᠎ᠡ ᠤᠶᠢᠭᠤᠷᠵᠢᠨ ᠮᠤᠩᠭᠤᠯ ᠦᠰᠦᠭ ᠡᠬᠦᠰᠴᠦ᠂ ᠤᠶᠢᠭᠤᠷᠵᠢᠨ ᠮᠤᠩᠭᠤᠯ ᠦᠰᠦᠭ ᠠᠴᠠ ᠳᠤᠳᠤ ᠦᠰᠦᠭ᠂ | ᠮᠠᠨᠵᠦ ᠦᠰᠦᠭ ᠡᠬᠦᠰᠪᠡ᠃ ᠤᠮᠠᠷᠠᠳᠤ ᠰᠠᠯᠠᠭ᠎ᠠ ᠪᠤᠯᠬᠤ ᠭᠷᠸᠢᠡ ᠦᠰᠦᠭ ᠠᠴᠠ ᠯᠠᠲ᠋ᠢᠨ ᠦᠰᠦᠭ ᠤᠨ ᠴᠠᠭᠠᠨ | ᠳᠤᠯᠤᠭᠠᠢ ᠡᠬᠦᠰᠴᠦ ᠪᠠᠷᠠᠭᠤᠨ ᠡᠸᠦ᠋ᠷᠦᠫᠠ᠂ ᠠᠮᠧᠷᠢᠺᠠ ᠲᠢᠪ᠂ ᠠᠹᠷᠢᠺᠠ ᠲᠢᠪ ᠤᠨ ᠤᠯᠠᠩᠬᠢ ᠦᠨᠳᠦᠰᠦᠳᠡᠨ ᠤ | ᠦᠰᠦᠭ ᠪᠢᠴᠢᠭ ᠪᠤᠢ ᠪᠤᠯᠪᠠ᠃ ᠶᠢᠰᠦᠳᠦᠭᠡᠷ ᠵᠠᠭᠤᠨ ᠳᠤ ᠭᠷᠸᠢᠡ ᠦᠰᠦᠭ ᠠᠴᠠ ᠰᠠᠯᠧ ᠦᠰᠦᠭ ᠤᠨ ᠴᠠᠭᠠᠨ | ᠳᠤᠯᠤᠭᠠᠢ ᠡᠬᠦᠰᠴᠦ᠂ ᠡᠬᠦᠨ ᠠᠴᠠ ᠰᠢᠨ᠎ᠡ ᠮᠤᠩᠭᠤᠯ ᠦᠰᠦᠭ ᠪᠤᠢ ᠪᠤᠯᠪᠠ᠃ | ᠮᠤᠩᠭᠤᠯᠴᠤᠳ ᠦᠰᠦᠭ ᠪᠢᠴᠢᠭ ᠲᠠᠢ ᠪᠤᠯᠤᠭᠰᠠᠨ ᠠᠴᠠ ᠨᠠᠭᠠᠰᠢ ᠮᠢᠩᠭᠠᠭᠠᠳ ᠵᠢᠯ ᠤᠨ ᠳᠤᠷᠰᠢᠳᠡ᠂ | ᠤᠨᠴᠠᠭᠠᠶᠢᠯᠠᠨ ᠠᠷᠪᠠᠨ ᠭᠤᠷᠪᠠᠳᠤᠭᠠᠷ ᠵᠠᠭᠤᠨ ᠤ ᠡᠬᠢᠨ ᠳᠤ ᠮᠤᠩᠭᠤᠯ ᠬᠠᠭᠠᠨᠳᠤ ᠤᠯᠤᠰ ᠤᠨ ᠬᠡᠷᠡᠭᠴᠡᠭᠡᠨ ᠳᠤ | ᠤᠶᠢᠭᠤᠷᠵᠢᠨ ᠮᠤᠩᠭᠤᠯ ᠦᠰᠦᠭ ᠢ ᠳᠦᠭᠡᠮᠡᠯᠵᠢᠬᠦᠯᠦᠨ ᠬᠡᠷᠡᠭᠯᠡᠭᠰᠡᠨ ᠠᠴᠠ ᠨᠠᠭᠠᠰᠢ ᠠᠳᠠᠯᠢ ᠪᠤᠰᠤ ᠴᠠᠭ ᠦᠶ᠎ᠡ ᠳᠤ | ᠠᠳᠠᠯᠢ ᠪᠤᠰᠤ ᠬᠡᠷᠡᠭᠴᠡᠭᠡᠨ ᠳᠡᠭᠡᠨ ᠳᠤᠬᠢᠷᠠᠭᠤᠯᠤᠨ᠂ ᠦᠪᠡᠷ ᠤᠨ ᠦᠰᠦᠭ ᠪᠢᠴᠢᠭ ᠢᠶᠠᠨ ᠤᠯᠠᠨ ᠤᠳᠠᠭ᠎ᠠ ᠬᠠᠯᠠᠨ | ᠰᠠᠶᠢᠵᠢᠷᠠᠭᠤᠯᠬᠤ ᠪᠠ ᠰᠤᠯᠢᠵᠦ ᠦᠭᠡᠷᠡᠴᠢᠯᠡᠬᠦ ᠶᠢ ᠬᠢᠭᠰᠡᠭᠡᠷ ᠢᠷᠡᠭᠰᠡᠨ ᠶᠤᠮ᠃ ᠡᠨᠡ ᠬᠦ ᠪᠦᠬᠦᠢ ᠯᠡ ᠦᠰᠦᠭ | ᠪᠢᠴᠢᠭ ᠤᠨ ᠳᠡᠦᠭᠡ ᠶᠢ ᠰᠦᠪᠡᠭᠴᠢᠯᠡᠨ ᠰᠢᠨᠵᠢᠯᠡᠪᠡᠯ ᠭᠤᠤᠯᠳᠠᠭᠤ ᠬᠤᠶᠠᠷ ᠵᠦᠢᠯ ᠤᠨ ᠱᠤᠭᠤᠮ ᠢᠶᠠᠷ ᠶᠠᠪᠤᠭᠳᠠᠵᠠᠢ᠃ | ᠨᠢᠭᠡ ᠨᠢ ᠤᠶᠢᠭᠤᠷᠵᠢᠨ ᠮᠤᠩᠭᠤᠯ ᠦᠰᠦᠭ ᠢ ᠬᠠᠯᠠᠨ ᠰᠠᠶᠢᠵᠢᠷᠠᠭᠤᠯᠬᠤ᠂ ᠨᠦᠬᠦᠭᠡ ᠨᠢ ᠡᠨᠡᠳᠭᠡᠭ ᠳᠦᠪᠡᠳ | ᠦᠰᠦᠭ ᠪᠤᠶᠤ ᠪᠤᠰᠤᠳ ᠬᠠᠷᠢ ᠦᠨᠳᠦᠰᠦᠳᠡᠨ ᠤ ᠦᠰᠦᠭ ᠪᠢᠴᠢᠭ ᠢ ᠦᠨᠳᠦᠰᠦᠯᠡᠨ ᠰᠢᠨ᠎ᠡ ᠦᠰᠦᠭ ᠵᠤᠬᠢᠶᠠᠵᠦ᠂ | ᠤᠶᠢᠭᠤᠷᠵᠢᠨ ᠮᠤᠩᠭᠤᠯ ᠦᠰᠦᠭ ᠢ ᠤᠷᠤᠯᠠᠭᠤᠯᠵᠦ ᠦᠭᠡᠷᠡᠴᠢᠯᠡᠬᠦ ︵ᠲᠦᠷᠪᠡᠯᠵᠢᠨ ᠦᠰᠦᠭ᠂ ᠰᠤᠶᠤᠩᠪᠤ ᠦᠰᠦᠭ | ᠂ ᠺᠢᠷᠢᠯ ᠦᠰᠦᠭ︶ ᠪᠤᠯᠤᠨ᠎ᠠ᠃ | | ᠤᠶᠢᠭᠤᠷᠵᠢᠨ ᠮᠤᠩᠭᠤᠯ ᠪᠢᠴᠢᠭ ᠤᠶᠢᠭᠤᠷᠵᠢᠨ ᠮᠤᠩᠭᠤᠯ ᠦᠰᠦᠭ ᠪᠤᠯ ᠮᠤᠩᠭᠤᠯᠴᠤᠳ ᠤᠨ | ᠬᠠᠮᠤᠭ ᠤᠨ ᠠᠩᠬᠠᠨ ᠤ ᠦᠰᠦᠭ ᠪᠢᠴᠢᠭ ᠪᠤᠯᠬᠤ ᠪᠦᠭᠡᠳ ᠮᠤᠩᠭᠤᠯᠴᠤᠳ ᠤᠨ ᠳᠤᠮᠳᠠ ᠬᠠᠮᠤᠭ ᠤᠨ ᠤᠷᠳᠤ | ᠤᠳᠠᠭᠠᠨ ᠬᠤᠭᠤᠴᠠᠭ᠎ᠠ ᠬᠡᠷᠡᠭᠯᠡᠭᠳᠡᠭᠰᠡᠨ ᠦᠰᠦᠭ ᠪᠢᠴᠢᠭ ᠪᠤᠯᠤᠨ᠎ᠠ᠃ ᠡᠨᠡ ᠬᠦ ᠦᠰᠦᠭ ᠪᠢᠴᠢᠭ ᠢ ᠮᠤᠩᠭᠤᠯᠴᠤᠳ | ᠡᠷᠳᠡᠨ ᠤ ᠤᠶᠢᠭᠤᠷ ᠦᠰᠦᠭ ᠠᠴᠠ ᠵᠢᠭᠡᠯᠡᠨ ᠠᠪᠴᠦ ᠬᠡᠷᠡᠭᠯᠡᠭᠰᠡᠨ ᠪᠤᠯᠬᠤᠷ ᠪᠦᠷ ︽ᠤᠶᠢᠭᠤᠷᠵᠢᠨ ᠮᠤᠩᠭᠤᠯ | ᠦᠰᠦᠭ︾ ᠬᠡᠵᠡᠭᠡᠳᠡᠭ᠃ ᠮᠤᠩᠭᠤᠯᠴᠤᠳ ᠤᠶᠢᠭᠤᠷ ᠦᠰᠦᠭ ᠢ ᠬᠡᠷᠡᠭᠯᠡᠬᠦ ᠠᠴᠠ ᠡᠮᠦᠨ᠎ᠡ ᠤᠶᠢᠭᠤᠷᠴᠤᠳ ᠨᠢᠭᠡᠨᠳᠡ | ᠬᠡᠷᠡᠭᠯᠡᠵᠦ ᠪᠤᠯᠪᠠᠰᠤᠷᠠᠭᠤᠯᠤᠨ ᠦᠰᠦᠭ ᠤᠨ ᠪᠢᠴᠢᠯᠭᠡ ᠵᠢᠷᠤᠯᠭ᠎ᠠ᠂ ᠵᠦᠪ ᠪᠢᠴᠢᠬᠦ ᠲᠦᠷᠢᠮ ᠵᠡᠷᠭᠡ ᠳᠠᠯ᠎ᠠ ᠪᠠᠷ | ᠨᠡᠯᠢᠶᠡᠳ ᠳᠡᠬᠦᠯᠳᠡᠷᠵᠢᠨ ᠳᠤᠭᠳᠠᠪᠤᠷᠢᠳᠠᠢ ᠪᠤᠯᠤᠭᠰᠠᠨ ᠪᠠᠶᠢᠪᠠ᠃ ᠮᠤᠩᠭᠤᠯᠴᠤᠳ ᠤᠶᠢᠭᠤᠷ ᠦᠰᠦᠭ ᠢ ᠵᠢᠭᠡᠯᠡᠨ | ᠠᠪᠴᠦ ᠦᠪᠡᠷ ᠤᠨ ᠬᠡᠯᠡ ᠪᠠᠨ ᠳᠡᠮᠳᠡᠭᠯᠡᠬᠦ ᠳᠡᠭᠡᠨ ᠦᠰᠦᠭ ᠤᠨ ᠳᠡᠮᠳᠡᠭ ᠵᠢᠷᠤᠯᠭ᠎ᠠ᠂ ᠪᠢᠴᠢᠯᠭᠡ ᠶᠢᠨ ᠲᠢᠭ ᠮᠠᠶ᠋ᠢᠭ᠂ | ᠵᠦᠪ ᠪᠢᠴᠢᠬᠦ ᠲᠦᠷᠢᠮ ᠵᠡᠷᠭᠡ ᠶᠢ ᠳᠡᠳᠦᠢ ᠶᠡᠭᠡ ᠬᠦᠳᠡᠯᠭᠡᠯ ᠦᠭᠡᠢ ᠬᠡᠷᠡᠭᠯᠡᠭᠰᠡᠨ ᠪᠠᠶᠢᠵᠠᠢ᠃ ᠠᠷᠪᠠᠨ ᠭᠤᠷᠪᠠᠳᠤᠭᠠᠷ | ᠵᠠᠭᠤᠨ ᠤ ᠡᠬᠢᠨ ᠳᠤ ᠤᠶᠢᠭᠤᠷᠵᠢᠨ ᠮᠤᠩᠭᠤᠯ ᠦᠰᠦᠭ ᠨᠢ ᠲᠦᠷᠦ ᠶᠢᠨ ᠬᠡᠷᠡᠭᠴᠡᠭᠡᠨ ᠳᠤ ᠬᠡᠷᠡᠭᠯᠡᠭᠳᠡᠭᠰᠡᠨ ᠤ | ᠳᠠᠷᠠᠭ᠎ᠠ ᠮᠤᠩᠭᠤᠯ ᠬᠡᠯᠡ ᠪᠢᠴᠢᠭ ᠤᠨ ᠡᠷᠳᠡᠮᠳᠡᠨ ᠬᠦᠩᠭᠠᠵᠠᠯᠰᠠᠨ᠂ ᠴᠦᠢᠵᠢᠠᠤᠳᠰᠠᠷ᠂ ᠬᠦᠩᠭᠠᠠᠤᠳᠰᠠᠷ ᠵᠡᠷᠭᠡ | ᠬᠦᠮᠦᠰ ︽ᠵᠢᠷᠦᠭᠡᠨ ᠤ ᠳᠤᠯᠳᠤ︾ ᠮᠡᠳᠦ ᠶᠢᠨ ᠬᠡᠯᠡᠨ ᠤ ᠵᠦᠢ ᠶᠢᠨ ᠪᠦᠳᠦᠭᠡᠯ ᠢ ᠳᠤᠭᠤᠷᠪᠢᠨ ᠪᠢᠴᠢᠵᠦ᠂ | ᠤᠶᠢᠭᠤᠷᠵᠢᠨ ᠮᠤᠩᠭᠤᠯ ᠦᠰᠦᠭ ᠤᠨ ᠳᠤᠬᠠᠢ ᠰᠤᠳᠤᠯᠭ᠎ᠠ ᠰᠢᠨᠵᠢᠯᠡᠭᠡ ᠬᠢᠵᠦ᠂ ᠮᠤᠩᠭᠤᠯ ᠦᠰᠦᠭ ᠤᠨ | ᠳᠦᠷᠢᠮ ᠤᠨ ᠳᠤᠭᠳᠠᠪᠤᠷᠢᠵᠢᠨ ᠲᠦᠷᠢᠮᠵᠢᠬᠦ ᠳᠤ ᠳᠡᠦᠭᠡᠳᠦ ᠭᠠᠪᠢᠶ᠎ᠠ ᠵᠢᠳᠬᠦᠯ ᠢ ᠦᠵᠡᠬᠦᠯᠵᠡᠢ᠃ ᠤᠶᠢᠭᠤᠷᠵᠢᠨ | ᠮᠤᠩᠭᠤᠯ ᠪᠢᠴᠢᠭ ᠤᠨ ᠳᠤᠷᠠᠰᠬᠠᠯ ᠳᠤ ᠬᠦᠰᠢᠶ᠎ᠡ ᠴᠢᠯᠠᠭᠤᠨ ᠤ ᠪᠢᠴᠢᠭ᠂ ᠬᠠᠷᠢᠯᠴᠠᠭᠠᠨ ᠤ ᠪᠢᠴᠢᠭ᠂ ᠵᠠᠷᠯᠢᠭ | ᠠᠶᠢᠯᠠᠳᠬᠠᠯ ᠤᠨ ᠪᠢᠴᠢᠭ᠂ ᠪᠢᠴᠢᠮᠡᠯ ᠪᠢᠴᠢᠭ ᠪᠠ ᠤᠶᠢᠰᠤᠨ ᠳᠡᠭᠡᠷᠡᠬᠢ ᠪᠢᠴᠢᠭ᠂ ᠳᠠᠮᠠᠭ᠎ᠠ ᠪᠠ ᠫᠠᠶᠢᠰᠠ ᠶᠢᠨ | ᠪᠢᠴᠢᠭ᠂ ᠮᠤᠳᠤᠨ ᠪᠠᠷ ᠤᠨ ᠪᠢᠴᠢᠭ᠂ ᠬᠠᠨ᠎ᠠ ᠶᠢᠨ ᠪᠢᠴᠢᠭ ᠠᠴᠠ ᠭᠠᠳᠠᠨ᠎ᠠ ᠪᠠᠰᠠ ᠤᠯᠠᠨ ᠳᠤᠷᠠᠰᠬᠠᠯᠳᠤ | ᠮᠠᠲ᠋ᠧᠷᠢᠶᠠᠯ ᠤᠳ ᠪᠠᠶᠢᠨ᠎ᠠ᠃ | ᠡᠷᠳᠡᠨ ᠤ ᠤᠶᠢᠭᠤᠷᠵᠢᠨ ᠮᠤᠩᠭᠤᠯ ᠦᠰᠦᠭ ᠤᠨ ᠴᠠᠭᠠᠨ ᠳᠤᠯᠤᠭᠠᠢ ︽ᠪᠤᠳᠢᠴᠠᠷᠢᠶᠠ | ᠠᠸᠠᠳᠠᠷᠠ︾ ᠪᠤᠯ ᠡᠨᠡᠳᠭᠡᠭ ᠤᠨ ᠵᠤᠬᠢᠶᠠᠯᠴᠢ ᠱᠠᠨᠲ᠋ᠢᠳᠢᠸᠠ ᠶᠢᠨ ᠳᠤᠯᠤᠳᠤᠭᠠᠷ ᠵᠠᠭᠤᠨ ᠤ ᠦᠶ᠎ᠡ ᠳᠤ ᠵᠤᠬᠢᠶᠠᠭᠰᠠᠨ | ᠰᠠᠨᠰᠺᠷᠢᠲ ᠬᠡᠯᠡᠨ ᠤ ᠵᠤᠬᠢᠶᠠᠯ ᠪᠤᠯᠤᠨ᠎ᠠ᠃ ᠡᠨᠡ ᠪᠢᠴᠢᠭ ᠢ ᠶᠤᠸᠠᠨ ᠤᠯᠤᠰ ᠤᠨ ᠦᠶ᠎ᠡ ᠶᠢᠨ ᠠᠯᠳᠠᠷᠳᠤ ᠡᠷᠳᠡᠮᠳᠡᠨ | ᠴᠦᠢᠵᠢᠠᠤᠳᠰᠠᠷ 1305 ᠤᠨ ᠳᠤ ᠤᠷᠴᠢᠭᠤᠯᠤᠨ ᠳᠠᠶᠢᠯᠪᠤᠷᠢ ᠬᠢᠵᠦ᠂ 1312 ᠤᠨ ᠳᠤ ᠳᠠᠶᠢᠳᠤ ᠳᠠᠬᠢ ᠴᠠᠭᠠᠨ | ᠰᠤᠪᠤᠷᠭᠠᠳᠤ ᠰᠦᠮ᠎ᠡ ᠳᠤ ᠮᠤᠳᠤᠨ ᠪᠠᠷ ᠢᠶᠠᠷ ᠮᠢᠩᠭᠠᠨ ᠬᠤᠪᠢ ᠳᠠᠷᠤᠮᠠᠯᠯᠠᠵᠠᠢ᠃ 20 ᠳ᠋ᠤᠭᠠᠷ ᠵᠠᠭᠤᠨ ᠤ ᠡᠬᠢᠨ ᠳᠤ | ᠭᠧᠷᠮᠠᠨ ᠤ ᠡᠷᠳᠡᠮᠳᠡᠨ ᠯᠧ ᠺᠤᠺ ᠮᠠᠨ ᠤ ᠤᠯᠤᠰ ᠤᠨ ᠰᠢᠨᠵᠢᠶᠡᠩ ᠤᠨ ᠳᠦᠷᠹᠠᠨ ᠠᠴᠠ ᠵᠦᠪᠬᠡᠨ ︽ᠳᠠᠶᠢᠯᠪᠤᠷᠢ︾ | ᠶᠢᠨ ᠡᠴᠦᠰ ᠤᠨ 12 ᠬᠠᠭᠤᠳᠠᠰᠤ ᠶᠢ ᠤᠯᠤᠭᠠᠳ᠂ ᠤᠳᠤ ᠭᠧᠷᠮᠠᠨ ᠤᠯᠤᠰ ᠤᠨ ᠪᠧᠷᠯᠢᠨ ᠳᠤ ᠬᠠᠳᠠᠭᠠᠯᠠᠭᠳᠠᠵᠦ | ᠪᠠᠶᠢᠨ᠎ᠠ᠃ | ᠲᠦᠷᠪᠡᠯᠵᠢᠨ ᠦᠰᠦᠭ ᠮᠤᠩᠭᠤᠯᠴᠤᠳ ᠤᠶᠢᠭᠤᠷᠵᠢᠨ ᠮᠤᠩᠭᠤᠯ ᠦᠰᠦᠭ ᠢ ᠬᠡᠷᠡᠭᠯᠡᠭᠰᠡᠨ ᠤ | ᠳᠠᠷᠠᠭᠠᠬᠢ ᠬᠠᠮᠤᠭ ᠤᠨ ᠠᠩᠬᠠᠨ ᠤ ᠦᠰᠦᠭ ᠪᠢᠴᠢᠭ ᠤᠨ ᠦᠭᠡᠷᠡᠴᠢᠯᠡᠯᠳᠡ ᠪᠤᠯ 1269 ᠤᠨ ᠳᠤ ᠬᠤᠪᠢᠯᠠᠢ | ᠰᠡᠴᠡᠨ ᠬᠠᠭᠠᠨ ᠤ ᠵᠠᠷᠯᠢᠭ ᠢᠶᠠᠷ ᠫᠠᠭᠪᠠ ᠯᠠᠮᠠ ᠯᠤᠳᠦ᠋ᠢᠵᠠᠯᠽᠠᠨ ︵1238 — 1280 ᠤᠨ︶ ᠲᠦᠪᠡᠳ | ᠦᠰᠦᠭ ᠤᠨ ᠴᠠᠭᠠᠨ ᠳᠤᠯᠤᠭᠠᠢ ᠳᠤ ᠰᠠᠭᠤᠷᠢᠯᠠᠵᠦ ︽ᠮᠤᠩᠭᠤᠯ ᠤᠨ ᠰᠢᠨ᠎ᠡ ᠦᠰᠦᠭ︾ ᠭᠡᠳᠡᠭ ᠤᠯᠤᠰ ᠤᠨ | ᠦᠰᠦᠭ ᠢ ᠵᠤᠬᠢᠶᠠᠭᠰᠠᠨ ᠪᠠᠶᠢᠨ᠎ᠠ᠃ ᠡᠨᠡ ᠬᠦ ᠦᠰᠦᠭ ᠢ ᠰᠡᠬᠦᠯᠴᠢ ᠦᠶ᠎ᠡ ᠶᠢᠨ ᠮᠤᠩᠭᠤᠯᠴᠢ ᠡᠷᠳᠡᠮᠳᠡᠳ ︽ᠫᠠᠭᠪᠠ | ᠦᠰᠦᠭ︾ ᠪᠤᠶᠦ ︽ᠲᠦᠷᠪᠡᠯᠵᠢᠨ ᠦᠰᠦᠭ︾ ᠭᠡᠵᠡᠭᠡᠳᠡᠭ᠃ ᠳᠤᠰ ᠦᠰᠦᠭ ᠢ ᠵᠤᠬᠢᠶᠠᠭᠰᠠᠨ ᠭᠤᠤᠯ ᠰᠢᠯᠳᠠᠭᠠᠨ | ᠪᠤᠯ ᠨᠡᠶᠢᠭᠡᠮ ᠬᠡᠷᠡᠭᠴᠡᠭᠡ ᠪᠤᠶᠤ ᠤᠯᠤᠰ ᠲᠦᠷᠦ ᠶᠢᠨ ᠵᠤᠷᠢᠯᠭ᠎ᠠ ᠠᠴᠠ ᠪᠤᠯᠤᠭᠰᠠᠨ ᠶᠤᠮ᠃ ᠲᠡᠶᠢᠮᠦ ᠠᠴᠠ | ᠲᠦᠷᠪᠡᠯᠵᠢᠨ ᠦᠰᠦᠭ ᠨᠢ ᠶᠤᠸᠠᠨ ᠤᠯᠤᠰ ᠤᠨ ᠬᠠᠷᠢᠶᠠᠨ ᠳᠠᠬᠢ ᠤᠯᠠᠨ ᠦᠨᠳᠦᠰᠦᠳᠡᠨ ᠳᠤ ᠵᠤᠷᠢᠭᠤᠯᠵᠦ᠂ | ᠶᠤᠸᠠᠨ ᠤ ᠲᠦᠷᠦ ᠳᠤᠭᠳᠠᠨᠢᠵᠦ ᠪᠠᠶᠢᠭᠰᠠᠨ ᠬᠤᠭᠤᠴᠠᠭᠠᠨ ᠳᠤ ᠤᠯᠤᠰ ᠤᠨ ᠦᠰᠦᠭ ᠤᠨ ᠬᠤᠪᠢ ᠪᠠᠷ ᠪᠦᠬᠦ | ᠤᠯᠤᠰ ᠤᠨ ᠬᠡᠪᠴᠢᠶᠡᠨ ᠳᠤ ᠦᠷᠭᠡᠨ ᠢᠶᠠᠷ ᠬᠡᠷᠡᠭᠯᠡᠭᠳᠡᠵᠦ ᠪᠠᠶᠢᠵᠠᠢ᠃ ᠬᠡᠪᠡᠴᠦ ᠳᠤᠮᠳᠠᠳᠤ ᠤᠷᠤᠨ ᠳᠠᠬᠢ ᠶᠤᠸᠠᠨ | ᠤᠯᠤᠰ ᠤᠨ ᠲᠦᠷᠦ ᠮᠦᠬᠦᠬᠦ ᠶᠢ ᠳᠠᠭᠠᠯᠳᠤᠨ ᠲᠦᠷᠪᠡᠯᠵᠢᠨ ᠦᠰᠦᠭ ᠨᠢ ᠳᠡᠦᠭᠡᠨ ᠳᠠᠪᠴᠠᠩ ᠠᠴᠠ ᠪᠠᠭᠤᠵᠦ᠂ | ᠤᠯᠤᠰ ᠤᠨ ᠦᠰᠦᠭ ᠢᠶᠠᠷ ᠬᠡᠷᠡᠭᠯᠡᠭᠳᠡᠬᠦ ᠪᠠᠨ ᠪᠤᠯᠢᠭᠰᠠᠨ ᠪᠤᠯᠪᠠᠴᠤ ᠤᠮᠠᠷᠠᠳᠤ ᠶᠤᠸᠠᠨ ᠤᠯᠤᠰ ᠤᠨ ᠦᠶ᠎ᠡ ᠳᠤ ᠵᠠᠷᠢᠮ | ᠬᠦᠰᠢᠶ᠎ᠡ ᠴᠢᠯᠠᠭᠤᠨ ᠤ ᠪᠢᠴᠢᠭ ᠪᠤᠶᠤ ᠳᠠᠮᠠᠭ᠎ᠠ ᠶᠢᠨ ᠪᠢᠴᠢᠭ ᠲᠤ ᠬᠡᠷᠡᠭᠯᠡᠭᠳᠡᠵᠦ ᠪᠠᠶᠢᠪᠠ᠃ | ᠠᠯᠢ ᠭᠠᠯᠢ ᠦᠰᠦᠭ ᠠᠷᠪᠠᠨ ᠵᠢᠷᠭᠤᠳᠤᠭᠠᠷ ᠵᠠᠭᠤᠨ ᠤ ᠰᠡᠬᠦᠯᠴᠢ ᠪᠤᠶᠤ 1587 ᠤᠨ ᠳᠤ | ᠬᠠᠷᠠᠴᠢᠨ ᠤ ᠮᠤᠩᠭᠤᠯ ᠬᠡᠯᠡ ᠪᠢᠴᠢᠭ ᠤᠨ ᠡᠷᠳᠡᠮᠳᠡᠨ ᠠᠶᠤᠰᠢ ᠬᠦᠦᠰᠢ ᠤᠶᠢᠭᠤᠷᠵᠢᠨ ᠮᠤᠩᠭᠤᠯ ᠦᠰᠦᠭ ᠤᠨ | ᠰᠠᠭᠤᠷᠢᠨ ᠳᠡᠭᠡᠷ᠎ᠡ ᠰᠠᠨᠰᠺᠷᠢᠲ ᠪᠤᠯᠤᠨ ᠳᠦᠪᠡᠳ ᠦᠰᠦᠭ ᠤᠨ ᠴᠠᠭᠠᠨ ᠳᠤᠯᠤᠭᠠᠢ ᠶᠢ ᠦᠨᠳᠦᠰᠦᠯᠡᠨ ᠬᠠᠷᠢ | ᠬᠡᠯᠡᠨ ᠤ ᠦᠭᠡ ᠶᠢ ᠳᠡᠮᠳᠡᠭᠯᠡᠬᠦ ᠳᠤᠰᠬᠠᠢ ᠳᠡᠮᠳᠡᠭ — ᠠᠯᠢ ᠭᠠᠯᠢ ᠭᠠᠯᠢᠭ ᠦᠰᠦᠭ ᠢ ᠵᠤᠬᠢᠶᠠᠵᠠᠢ᠃ ᠳᠦᠪᠡᠳ | ᠬᠡᠯᠡ ᠪᠠᠷ ︽ᠠᠯᠢ︾ ᠭᠡᠳᠡᠭ ᠨᠢ ᠡᠬᠡᠰᠢᠭ᠂ ︽ᠭᠠᠯᠢ︾ ᠭᠡᠳᠡᠭ ᠨᠢ ᠬᠡᠶᠢᠬᠦᠯᠦᠭᠴᠢ ᠭᠡᠰᠡᠨ ᠦᠭᠡ ᠪᠤᠯᠤᠨ᠎ᠠ᠃ | ᠡᠨᠡ ᠦᠰᠦᠭ ᠨᠢ ᠳᠤᠬᠠᠢ ᠶᠢᠨ ᠦᠶ᠎ᠡ ᠳᠤ ᠵᠦᠪᠭᠡᠨ ᠪᠤᠷᠬᠠᠨ ᠤ ᠱᠠᠰᠢᠨ ᠤ ᠨᠤᠮ ᠰᠤᠳᠤᠷ ᠢ ᠮᠤᠩᠭᠤᠯ ᠬᠡᠯᠡ ᠪᠠᠷ | ᠤᠷᠴᠢᠭᠤᠯᠬᠤ ᠳᠤ ᠬᠠᠷᠢ ᠬᠡᠯᠡᠨ ᠤ ᠦᠭᠡ ᠶᠢ ᠦᠰᠦᠭᠴᠢᠯᠡᠨ ᠪᠠᠭᠤᠯᠭᠠᠬᠤ ᠳᠡᠮᠳᠡᠭ ᠪᠤᠯᠵᠦ᠂ ᠵᠢᠩᠬᠢᠨᠢ ᠦᠰᠦᠭ | ᠪᠢᠴᠢᠭ ᠢᠶᠠᠷ ᠬᠡᠷᠡᠭᠯᠡᠭᠳᠡᠭᠰᠡᠨ ᠦᠭᠡᠢ ᠪᠤᠯᠪᠠᠴᠣ ᠮᠤᠩᠭᠤᠯ ᠦᠰᠦᠭ ᠤᠨ ᠬᠦᠷᠦᠯᠴᠡᠬᠦ ᠦᠭᠡᠢ ᠳᠠᠯ᠎ᠠ ᠶᠢ | ᠨᠦᠬᠦᠪᠦᠷᠢᠯᠡᠬᠦ ᠪᠠ ᠰᠡᠬᠦᠯᠴᠢ ᠶᠢᠨ ᠦᠶ᠎ᠡ ᠳᠤ ᠵᠢᠭᠡᠯᠡᠯᠭᠡ ᠦᠭᠡ ᠶᠢ ᠳᠡᠮᠳᠡᠭᠯᠡᠬᠦ ᠨᠠᠷᠢᠨ ᠭᠠᠯᠢᠭ — ᠬᠡᠶᠢᠬᠦᠯᠦᠭᠴᠢ | ᠦᠰᠦᠭ ᠤᠳ ᠢ ᠴᠠᠭᠠᠨ ᠳᠤᠯᠤᠭᠠᠢ ᠳᠤ ᠨᠡᠮᠡᠷᠢᠯᠡᠬᠦ ᠳᠤ ᠰᠠᠭᠤᠷᠢ ᠦᠨᠳᠦᠰᠦᠯᠡᠯ ᠪᠤᠯᠤᠭᠰᠠᠨ ᠠᠴᠠ ᠮᠤᠩᠭᠤᠯ ᠦᠰᠦᠭ | ᠪᠢᠴᠢᠭ ᠤᠨ ᠬᠦᠭᠵᠢᠯ ᠳᠤ ᠴᠢᠬᠤᠯᠠ ᠦᠢᠯᠡᠳᠦᠯ ᠦᠵᠡᠬᠦᠯᠪᠡ᠃ | ᠳᠤᠳᠤ ᠦᠰᠦᠭ 1648 ᠤᠨ ᠳᠤ ᠤᠶᠢᠷᠠᠳ ᠤᠨ ᠽᠠᠶ᠎ᠠ ᠪᠠᠨᠳᠢᠳᠠ ᠨᠠᠮᠬᠠᠶᠢᠵᠠᠮᠰᠤ ︵ | 1599 — 1662 ᠤᠨ︶ ᠤᠶᠢᠭᠤᠷᠵᠢᠨ ᠮᠤᠩᠭᠤᠯ ᠦᠰᠦᠭ ᠤᠨ ᠴᠠᠭᠠᠨ ᠳᠤᠯᠤᠭᠠᠢ ᠶᠢ ᠦᠨᠳᠦᠰᠦᠯᠡᠨ | ᠤᠶᠢᠷᠠᠳ ᠠᠶᠠᠯᠭᠤᠨ ᠤ ᠤᠨᠴᠠᠯᠢᠭ ᠲᠤ ᠤᠶᠢᠷᠠᠳᠤᠭᠤᠯᠤᠨ ᠰᠢᠨ᠎ᠡ ᠮᠤᠩᠭᠤᠯ ᠦᠰᠦᠭ ᠵᠤᠬᠢᠶᠠᠵᠠᠢ᠃ ᠡᠨᠡ ᠬᠦ | ᠰᠢᠨ᠎ᠡ ᠮᠤᠩᠭᠤᠯ ᠦᠰᠦᠭ ᠨᠢ ᠤᠶᠢᠭᠤᠷᠵᠢᠨ ᠮᠤᠩᠭᠤᠯ ᠦᠰᠦᠭ ᠤᠨ ᠨᠢᠭᠡ ᠳᠡᠮᠳᠡᠭ ᠢᠶᠠᠷ ᠬᠡᠳᠦᠨ ᠠᠪᠢᠶ᠎ᠠ ᠶᠢ | ᠳᠡᠮᠳᠡᠭᠯᠡᠬᠦ ᠦᠵᠡᠭᠳᠡᠯ ᠢ ᠤᠭᠤᠷᠴᠦ᠂ ᠨᠢᠭᠡ ᠳᠡᠮᠳᠡᠭ ᠢᠶᠠᠷ ᠨᠢᠭᠡ ᠠᠪᠢᠶ᠎ᠠ ᠶᠢ ᠳᠡᠮᠳᠡᠭᠯᠡᠨ᠂ ᠦᠰᠦᠭ | ᠬᠤᠭᠤᠷᠤᠨᠳᠤ ᠶᠢᠨ ᠢᠯᠭᠠᠭ᠎ᠠ ᠶᠢ ᠳᠤᠳᠤᠷᠬᠠᠢ ᠪᠤᠯᠭᠠᠭᠰᠠᠨ ᠢᠶᠠᠷ ︽ᠳᠤᠳᠤᠷᠬᠠᠢ ᠦᠰᠦᠭ︾ ᠪᠤᠶᠤ ︽ᠳᠤᠳᠤ | ᠦᠰᠦᠭ︾ ᠭᠡᠵᠦ ᠠᠯᠳᠠᠷᠰᠢᠪᠠ᠃ ᠳᠤᠳᠤ ᠦᠰᠦᠭ ᠨᠢ ᠠᠪᠢᠶ᠎ᠠ ᠳᠡᠮᠳᠡᠭᠯᠡᠬᠦ ᠲᠦᠷᠢᠮ᠂ ᠪᠢᠴᠢᠯᠭᠡ ᠶᠢᠨ ᠬᠡᠯᠪᠡᠷᠢ᠂ | ᠵᠦᠪ ᠪᠢᠴᠢᠬᠦ ᠲᠦᠷᠢᠮ ᠵᠡᠷᠭᠡ ᠳᠠᠯ᠎ᠠ ᠪᠠᠷ ᠦᠪᠡᠷᠮᠢᠴᠡ ᠤᠨᠴᠠᠯᠢᠭ ᠪᠦᠬᠦᠢ ᠦᠰᠦᠭ ᠪᠢᠴᠢᠭ ᠤᠨ ᠰᠢᠰᠲ᠋ᠧᠮ ᠪᠤᠯᠬᠤ | ᠪᠦᠭᠡᠳ ᠤᠶᠢᠷᠠᠳ ᠮᠤᠩᠭᠤᠯᠴᠤᠳ ᠤᠨ ᠳᠤᠮᠳᠠ ᠭᠤᠷᠪᠠᠨ ᠵᠠᠭᠤ ᠭᠠᠷᠤᠢ ᠵᠢᠯ ᠬᠡᠷᠡᠭᠯᠡᠭᠳᠡᠭᠰᠡᠭᠡᠷ ᠢᠷᠡᠵᠡᠢ᠃ | ᠰᠤᠶᠤᠩᠪᠤ ᠦᠰᠦᠭ ᠠᠷᠪᠠᠨ ᠳᠤᠯᠤᠳᠤᠭᠠᠷ ᠵᠠᠭᠤᠨ ᠤ ᠰᠡᠬᠦᠯᠴᠢ ᠪᠤᠶᠤ 1686 ᠤᠨ ᠳᠤ | ᠬᠠᠯᠬ᠎ᠠ ᠶᠢᠨ ᠠᠩᠬᠠᠳᠤᠭᠠᠷ ᠵᠢᠪᠽᠤᠨᠳᠠᠮᠪᠠ ᠬᠤᠳᠤᠭᠳᠤ ᠵᠠᠨᠠᠪᠠᠽᠠᠷ ︵1635 — 1723 ᠤᠨ︶ | ᠡᠨᠡᠳᠭᠡᠭ ᠤᠨ ᠯᠠᠭᠵᠠ ᠦᠰᠦᠭ ᠢ ᠦᠨᠳᠦᠰᠦᠯᠡᠨ ᠮᠤᠩᠭᠤᠯ ᠬᠡᠯᠡ ᠶᠢ ᠳᠡᠮᠳᠡᠭᠯᠡᠬᠦ ᠰᠤᠶᠤᠩᠪᠦ ᠦᠰᠦᠭ ᠢ ᠵᠤᠬᠢᠶᠠᠵᠠᠢ | ᠃ ᠡᠨᠡ ᠦᠰᠦᠭ ᠨᠢ ᠭᠤᠤᠯᠳᠠᠭᠤ ᠱᠠᠰᠢᠨ ᠤ ᠨᠤᠮ ᠰᠤᠳᠤᠷ ᠢ ᠤᠷᠴᠢᠭᠤᠯᠬᠤ ᠳᠤ ᠬᠡᠷᠡᠭᠯᠡᠭᠳᠡᠵᠦ ᠪᠠᠶᠢᠭᠰᠠᠨ ᠪᠦᠭᠡᠳ | ᠬᠠᠯᠬ᠎ᠠ ᠶᠢᠨ ᠰᠦᠮ᠎ᠡ ᠬᠡᠶᠢᠳ ᠤᠨ ᠯᠠᠮᠠ ᠨᠠᠷ ᠤᠨ ᠳᠤᠮᠳᠠ ᠬᠤᠶᠠᠷ ᠵᠠᠭᠤ ᠭᠠᠷᠤᠢ ᠵᠢᠯ ᠤᠯᠠᠮᠵᠢᠯᠠᠭᠳᠠᠭᠰᠠᠨ | ᠪᠤᠯᠪᠠᠴᠤ ᠳᠡᠮᠡᠢ ᠳᠡᠯᠭᠡᠷᠡᠵᠦ ᠳᠡᠶᠢᠯᠦᠭᠰᠡᠨ ᠦᠭᠡᠢ ᠬᠡᠷᠡᠭᠴᠡᠭᠡᠨ ᠠᠴᠠ ᠭᠠᠷᠴᠠᠢ᠃ ᠰᠤᠶᠤᠩᠪᠤ ᠭᠡᠳᠡᠭ ᠦᠭᠡ ᠨᠢ ︽ | ᠦᠪᠡᠷ ᠢᠶᠠᠨ ᠭᠠᠷᠤᠭᠰᠠᠨ ᠭᠡᠭᠡᠨ︾ ᠭᠡᠬᠦ ᠤᠳᠬ᠎ᠠ ᠲᠠᠢ ᠰᠠᠨᠰᠺᠷᠢᠲ ᠦᠭᠡ ᠪᠤᠯᠤᠨ᠎ᠠ᠃ ᠤᠳᠤ ᠶᠢᠨ ᠮᠤᠩᠭᠤᠯ | ᠤᠯᠤᠰ ᠤᠨ ᠲᠦᠷᠦ ᠶᠢᠨ ᠳᠤᠭ ᠳᠡᠭᠡᠷ᠎ᠡ ᠪᠠᠶᠢᠭ᠎ᠠ ᠰᠦᠯᠳᠡ ᠳᠡᠮᠳᠡᠭ ᠪᠤᠯ ᠰᠤᠶᠤᠩᠪᠤ ᠦᠰᠦᠭ ᠤᠨ ᠬᠠᠭᠤᠳᠠᠰᠤᠨ ᠤ | ᠡᠬᠢᠨ ᠳᠤ ᠳᠠᠯᠪᠢᠳᠠᠭ ᠪᠢᠷᠭ᠎ᠠ ᠶᠢᠨ ᠦᠯᠡᠳᠡᠭᠳᠡᠯ ᠪᠤᠯᠬᠤ ᠶᠤᠮ᠃ | ᠸᠠᠬᠢᠨᠳᠠᠷᠠ ᠦᠰᠦᠭ 1905 ᠤᠨ ᠳᠤ ᠪᠤᠷᠢᠶᠠᠳ ᠯᠠᠮᠠ ᠠᠭᠸᠠᠩᠳᠤᠷᠵᠢ ᠮᠤᠩᠭᠤᠯ | ᠦᠰᠦᠭ ᠪᠠ ᠳᠤᠳᠤ ᠦᠰᠦᠭ ᠤᠨ ᠤᠨᠴᠠᠯᠢᠭ ᠲᠤ ᠰᠠᠭᠤᠷᠢᠯᠠᠵᠦ᠂ ᠪᠤᠷᠢᠶᠠᠳ ᠨᠤᠳᠤᠭ ᠤᠨ ᠠᠶᠠᠯᠭᠤᠨ ᠤ | ᠤᠨᠴᠠᠯᠢᠭ ᠲᠠᠭᠠᠨ ᠵᠤᠬᠢᠴᠠᠭᠤᠯᠤᠨ ᠨᠢᠭᠡᠨ ᠵᠦᠢᠯ ᠤᠨ ᠰᠢᠨ᠎ᠡ ᠦᠰᠦᠭ ᠵᠤᠬᠢᠶᠠᠪᠠ᠃ ᠵᠤᠬᠢᠶᠠᠭᠴᠢ ᠦᠪᠡᠷ ᠤᠨ ᠨᠡᠷ᠎ᠡ | ᠠᠭᠸᠠᠩᠳᠤᠷᠵᠢ ᠭᠡᠳᠡᠭ ᠢᠶᠠᠨ ᠰᠠᠨᠰᠺᠷᠢᠲ ᠢᠶᠠᠷ ᠤᠷᠴᠢᠭᠤᠯᠵᠦ ︽ᠸᠠᠬᠢᠨᠳᠠᠷ᠊ ᠡᠶ᠎ᠡ︾ ᠭᠡᠵᠦ ᠵᠤᠬᠢᠶᠠᠯ ᠤᠨ ᠢᠶᠠᠨ | ᠡᠴᠦᠰ ᠲᠤ ᠳᠠᠯᠪᠢᠭᠰᠠᠨ ᠠᠴᠠ ᠡᠨᠡ ᠬᠦ ᠦᠰᠦᠭ ᠨᠢ ︽ᠸᠠᠬᠢᠨᠳᠠᠷᠠ ᠦᠰᠦᠭ︾ ᠭᠡᠵᠦ ᠠᠯᠳᠠᠷᠰᠢᠪᠡ᠃ ᠸᠠᠬᠢᠨᠳᠠᠷᠠ | ᠦᠰᠦᠭ ᠨᠢ ᠵᠦᠪᠭᠡᠨ ᠪᠠᠶᠢᠭᠠᠯ ᠮᠦᠷᠡᠨ ᠤ ᠤᠮᠠᠷᠠᠳᠤ ᠭᠡᠰᠡᠭ ᠤᠨ ᠪᠤᠷᠢᠶᠠᠳ ᠮᠤᠩᠭᠤᠯᠴᠤᠳ ᠤᠨ ᠳᠤᠮᠳᠠ ᠳᠤᠩ | ᠤᠬᠤᠷᠬᠠᠨ ᠬᠤᠭᠤᠴᠠᠭ᠎ᠠ ᠬᠡᠷᠡᠭᠯᠡᠭᠳᠡᠭᠡᠳ ᠳᠡᠶᠢᠮᠦ ᠶᠡᠭᠡ ᠳᠡᠯᠭᠡᠷᠡᠵᠦ ᠴᠢᠳᠠᠭᠰᠠᠨ ᠦᠭᠡᠢ ᠪᠠᠷ ᠤᠷᠬᠢᠭᠳᠠᠪᠠ᠃ ᠤᠳᠤ | ᠴᠦᠭᠡᠨ ᠬᠡᠳᠦᠨ ᠳᠤᠷᠠᠰᠬᠠᠯᠳᠤ ᠪᠢᠴᠢᠭ ᠦᠯᠡᠳᠡᠭᠡᠳ ᠪᠤᠢ᠃ | ᠰᠢᠨ᠎ᠡ ᠮᠤᠩᠭᠤᠯ ᠦᠰᠦᠭ ᠰᠢᠨ᠎ᠡ ᠮᠤᠩᠭᠤᠯ ᠦᠰᠦᠭ ᠪᠤᠯ ᠺᠢᠷᠢᠯ ᠦᠰᠦᠭ ᠢᠶᠠᠷ ᠰᠠᠭᠤᠷᠢ | ᠪᠤᠯᠭᠠᠭᠰᠠᠨ ᠰᠠᠯᠧ ᠴᠠᠭᠠᠨ ᠳᠤᠯᠤᠭᠠᠢ ᠶᠢ ᠰᠢᠯᠵᠢᠬᠦᠯᠦᠨ ᠬᠡᠷᠡᠭᠯᠡᠭᠰᠡᠨ ᠨᠢᠭᠡᠨ ᠵᠦᠢᠯ ᠤᠨ ᠦᠰᠦᠭ ᠪᠢᠴᠢᠭ ᠪᠤᠯᠤᠨ᠎ᠠ | ᠃ ᠮᠤᠩᠭᠤᠯ ᠤᠯᠤᠰ ᠨᠢ 1941 ᠤᠨ ᠳᠤ ᠳᠡᠯᠭᠡᠷᠡᠬᠦᠯᠦᠨ ᠬᠡᠷᠡᠭᠯᠡᠬᠦ ᠳᠤᠬᠠᠢ ᠳᠤᠭᠳᠠᠭᠠᠯ ᠭᠠᠷᠭᠠᠵᠦ ᠠᠯᠪᠠᠨ | ᠶᠤᠰᠤ ᠪᠠᠷ ᠪᠠᠳᠤᠯᠠᠭᠰᠠᠨ ᠪᠤᠯᠪᠠᠴᠤ ᠳᠡᠯᠡᠭᠡᠢ ᠶᠢᠨ ᠬᠤᠶᠠᠳᠤᠭᠠᠷ ᠶᠡᠭᠡ ᠳᠠᠶᠢᠨ ᠤ ᠨᠦᠯᠦᠭᠡ ᠪᠠᠷ 1945 ᠤᠨ ᠤ | ᠨᠠᠮᠤᠷ ᠠᠴᠠ ᠳᠤᠷᠰᠢᠯᠳᠠ ᠬᠢᠵᠦ᠂1946 ᠤᠨ ᠠᠴᠠ ᠠᠯᠪᠠᠨ ᠶᠤᠰᠤᠭᠠᠷ ᠳᠦᠬᠡᠮᠡᠯᠵᠢᠬᠦᠯᠦᠨ ᠬᠡᠷᠡᠭᠯᠡᠵᠦ ᠡᠬᠢᠯᠡᠭᠰᠡᠨ | ᠪᠠᠶᠢᠨ᠎ᠠ᠃ | | | | | | ᠢᠷᠡᠯᠲᠡ᠄ ᠬᠤᠯᠪᠤᠭ᠎ᠠ ᠪᠦᠷᠭᠡ | ᠳᠡᠪᠰᠢᠭᠦᠯᠦᠭᠴᠢ᠄ ᠲᠡᠷᠭᠡᠯ | |