ᠮᠣᠷᠢᠨ ᠬᠤᠭᠤᠷ ᠤᠨ ᠡᠭᠦᠰᠦᠯ | | | ᠮᠣᠩᠭᠤᠯ ᠦᠨᠳᠦᠰᠦᠲᠡᠨ ᠤ ᠴᠤᠭᠤᠷ ᠤᠷᠠᠯᠢᠭ ᠲᠤ ᠮᠣᠷᠢᠨ ᠬᠤᠭᠤᠷ ᠨᠢ ᠬᠦᠭᠵᠢᠮᠳᠡᠬᠦᠷ ᠤᠨ | ᠴᠤᠭᠤᠷ ᠤᠨ ᠣᠷᠭᠢᠯ ᠪᠤᠯᠵᠣ᠂ ᠢᠯᠠᠩᠭᠤᠶ᠎ᠠ ᠰ᠊᠂ ᠷᠠᠰᠢ᠂ ᠰᠠᠩᠳᠦ᠋ᠭᠦᠷᠡᠩ᠂ ᠴᠢ · ᠪᠤᠯᠠᠭ᠂ ᠪᠦᠷᠢᠨᠪᠠᠶᠠᠷ ᠪᠠ ᠳ᠋ᠠᠷᠮ᠎ᠠ | ᠵᠡᠷᠭᠡ ᠠᠯᠢ ᠣᠯᠠᠨ ᠰᠢᠯᠭᠠᠷᠠᠭᠰᠠᠨ ᠤᠷᠠᠯᠢᠭᠴᠢᠳ ᠤᠨ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠪᠠᠷ ᠳᠡᠮᠵᠢᠨ᠂ ᠡᠨᠡ ᠬᠦ | ᠬᠦᠭᠵᠢᠮᠳᠡᠬᠦᠷ ᠨᠢ ᠥᠷᠭᠡᠨ ᠳᠡᠯᠭᠡᠷ ᠲᠦᠭᠡᠮᠡᠯᠵᠢᠵᠦ᠂ ᠳᠡᠯᠡᠬᠡᠶ ᠶᠢᠨ ᠳᠠᠭᠤᠤ ᠬᠥᠭᠵᠢᠮ ᠤᠨ ᠤᠷᠠᠯᠢᠭ ᠤᠨ ᠤᠢ | ᠳᠣᠲᠣᠷᠠᠬᠢ ᠦᠨᠡᠲᠦ ᠡᠷᠳᠡᠨᠢ ᠪᠣᠯᠤᠭᠰᠠᠨ ᠪᠠᠶᠢᠨ᠎ᠠ᠃ ᠭᠡᠪᠡᠴᠦ ᠮᠣᠷᠢᠨ ᠬᠤᠭᠤᠷ ᠤᠨ ᠡᠭᠦᠰᠦᠯ ᠤᠨ ᠲᠤᠬᠠᠢ ᠡᠷᠳᠡᠮ | ᠰᠢᠨᠵᠢᠯᠡᠭᠡᠨ ᠤ ᠬᠢᠨ ᠶᠡᠷᠤᠨᠢ ᠨᠤᠲᠠᠯᠠᠯ ᠬᠢᠭᠡᠳᠦᠢ᠃ ᠲᠠᠯ᠎ᠠ ᠨᠤᠲᠤᠭ ᠲᠤ ᠨᠢᠭᠡ ᠡᠷᠲᠡᠨ ᠤ ᠤᠯᠠᠮᠵᠢᠯᠠᠯ | ᠶᠠᠷᠢᠶ᠎ᠠ ᠪᠠᠶᠢᠳᠠᠭ᠂ ᠬᠥᠮᠦᠰ ᠠᠶᠢᠷᠠᠭ ᠤᠨ ᠰᠢᠨᠠᠭ᠎ᠠ ᠶᠢ ᠦᠬᠡᠷ ᠤᠨ ᠠᠷᠠᠰᠤ ᠪᠠᠷ ᠪᠦᠷᠢᠵᠦ᠂ ᠮᠣᠷᠢᠨ ᠰᠡᠬᠦᠯ ᠤᠨ | ᠬᠢᠯᠭᠠᠰᠣ ᠪᠠᠷ ᠬᠤᠶᠠᠷ ᠬᠥᠪᠴᠢ ᠲᠠᠲᠠᠵᠤ ᠬᠥᠭᠵᠢᠮᠳᠡᠭᠦᠷ ᠪᠣᠯᠭᠠᠨ ᠬᠦᠭᠵᠢᠮᠳᠡᠳᠡᠭ ᠢ ︽ᠰᠢᠨᠠᠭᠠᠨ ᠬᠤᠭᠤᠷ︾ ᠬᠡᠮᠡᠳᠡᠭ | ᠪᠠᠶᠢᠪᠠ᠃ ᠮᠣᠷᠢᠨ ᠬᠤᠭᠤᠷ ᠪᠣᠯ 19 ᠳ᠋ᠦ᠋ᠭᠡᠷ ᠵᠠᠭᠤᠨ ᠤ ᠰᠡᠭᠦᠯᠴᠢ ᠪᠠᠷ ᠰᠢᠨ᠎ᠡ ᠪᠠᠷ ᠮᠠᠨᠳᠤᠭᠰᠠᠨ ᠬᠥᠭᠵᠢᠮ | ᠪᠣᠯᠤᠨ᠎ᠠ᠃ ᠲᠡᠭᠦᠨ ᠤ ᠪᠣᠢ ᠪᠣᠯᠣᠭᠰᠠᠨ ᠨᠢ ᠮᠥᠨ ᠴᠦ ᠤᠷᠳᠤ ᠤᠳᠠᠭᠠᠨ ᠬᠥᠭᠵᠢᠯᠲᠡ ᠶᠢ ᠦᠩᠭᠡᠷᠡᠭᠡᠭᠰᠡᠨ ᠪᠦᠬᠡᠳ | ᠡᠨᠡ ᠬᠦ ᠶᠠᠪᠤᠴᠠ ᠳᠠᠭᠠᠨ ᠤᠯᠠᠨ ᠡᠰᠢᠲᠦ ᠰᠣᠶᠣᠯ ᠤᠨ ᠬᠦᠴᠦᠨ ᠵᠦᠶᠯ ᠤᠨ ᠨᠥᠯᠥᠭᠡ ᠶᠢ ᠣᠯᠤᠭᠰᠠᠨ ᠪᠠᠶᠢᠯ᠎ᠠ᠂ | ᠡᠭᠦᠨ ᠳᠤ ᠡᠶᠢᠮᠣ ᠬᠡᠳᠦᠨ ᠵᠦᠶᠯ ᠤᠨ ᠬᠡᠯᠡᠯᠭᠡ ᠪᠠᠶᠢᠨ᠎ᠠ᠃ | ᠶᠠᠭᠤᠨ ᠤ ᠤᠷᠢᠳ ᠪᠠᠷᠠᠭᠤᠨ ᠠᠹᠷᠢᠺᠠ ᠶᠢᠨ ᠣᠷᠣᠨ ᠤ RITI ᠬᠥᠭᠵᠢᠮ ᠪᠣᠯᠤᠨ᠎ᠠ᠃ ᠡᠨᠡ | ᠬᠦᠭᠵᠢᠮᠳᠡᠬᠦᠷ ᠨᠢ ᠪᠠᠷᠠᠭᠤᠨ ᠠᠹᠷᠢᠺᠠ ᠶᠢᠨ ᠭᠠᠷᠠᠮ ᠤᠨ ᠬᠤᠲᠠ ᠳ᠋ᠠᠷᠺᠧᠯ ᠠᠴᠠ ᠢᠷᠡᠯ ᠲᠠᠢ᠂ ᠮᠣᠷᠢᠨ ᠰᠡᠭᠦᠯ ᠤᠨ | ᠬᠢᠯᠭᠠᠰᠣ ᠪᠠᠷ ᠬᠢᠭᠰᠡᠨ ᠭᠠᠭᠴᠠ ᠬᠥᠪᠴᠢ ᠲᠠᠢ᠂ ᠮᠣᠷᠢᠨ ᠰᠡᠭᠦᠯᠲᠦ ᠶᠠᠲᠤᠭ᠎ᠠ ᠶᠢᠨ ᠨᠤᠮᠤ ᠲᠠᠢ᠂ ᠶᠠᠲᠤᠭ᠎ᠠ ᠶᠢᠨ | ᠬᠠᠶᠢᠷᠴᠠᠭ ᠶᠢ ᠠᠪᠤᠷᠭᠤ ᠮᠣᠭᠠᠶ ᠶᠢᠨ ᠠᠷᠠᠰᠤ ᠪᠠᠷ ᠪᠦᠷᠢᠵᠠᠢ᠃ ᠳᠠᠷᠠᠭᠠᠯᠠᠪᠠᠯ ᠠᠹᠷᠢᠺᠠ ᠲᠢᠪ ᠤᠨ ᠡᠸ᠋ᠽᠢᠣᠪᠢᠶ᠎ᠡ | ᠶᠢᠨ Masenqo ᠳᠤ ᠡᠨᠡ ᠬᠦ ᠬᠦᠭᠵᠢᠮᠳᠡᠬᠦᠷ ᠤᠨ ᠬᠠᠶᠢᠷᠴᠠᠭ ᠨᠢ ᠳᠥᠷᠪᠡᠯᠵᠢᠨ ᠬᠡᠯᠪᠡᠷᠢ ᠲᠠᠢ ᠪᠠᠶᠢᠵᠣ᠂ | ᠨᠢᠭᠤᠷ ᠢ ᠨᠢ ᠦᠬᠡᠷ ᠤᠨ ᠠᠷᠠᠰᠤ ᠪᠠᠷ ᠪᠦᠷᠢᠵᠦ᠂ ᠭᠠᠭᠴᠠ ᠴᠢᠪᠬᠠᠳᠠᠰᠤᠲᠠᠢ᠂ ᠬᠡᠪ ᠨᠠᠮᠪᠠ ᠨᠢ ᠲᠦᠪᠯᠡᠭᠦᠨ | ᠮᠥᠷᠲᠡᠭᠡᠨ ᠪᠣᠷᠣᠭᠵᠢᠭᠤᠨ᠃ ᠲᠠᠬᠢᠭᠠᠳ ᠬᠡᠯᠡᠪᠡᠯ᠂ ᠣᠳᠣᠬᠠᠨ ᠳᠤ ᠧᠦ᠋ᠷᠣᠫᠠ ᠲᠢᠪ ᠤᠨ ᠪᠠᠯᠺᠠᠨ ᠲᠠᠯ᠎ᠠ ᠨᠤᠲᠤᠭ | ᠲᠤ ᠮᠥᠨ ᠯᠡ ᠳᠡᠯᠭᠡᠷᠡᠵᠦ ᠪᠠᠶᠢᠭ᠎ᠠ ᠣᠯᠠᠮᠵᠢᠯᠠᠯᠳᠣ ᠭᠠᠭᠴᠠ ᠴᠢᠪᠬᠠᠳᠠᠰᠤᠲᠤ ᠬᠦᠭᠵᠢᠮᠳᠡᠬᠦᠷ Gusle | ︵ᠺᠷᠤᠲ᠋ᠢᠶ᠎ᠠ ᠬᠡᠯᠡ︶ ᠪᠤᠯᠤᠨ᠎ᠠ᠃ Gusle ᠶᠢ ᠶᠡᠷᠦ ᠳᠡᠭᠡᠨ ᠠᠷᠠᠳ ᠤᠨ ᠳᠠᠭᠤᠤ ᠪᠤᠶᠤ ᠲᠤᠤᠯᠢᠰ ᠬᠠᠪᠰᠤᠷᠤᠨ | ᠬᠥᠭᠵᠢᠮᠳᠡᠬᠦ ᠳᠤ ᠬᠡᠷᠡᠭᠯᠡᠳᠡᠭ᠃ ᠬᠥᠭᠵᠢᠮᠳᠡᠬᠦ ᠦᠶ᠎ᠡ ᠳᠤ᠂ ᠬᠥᠭᠵᠢᠮᠳᠡᠭᠦᠷ ᠢᠶᠠᠨ ᠬᠤᠶᠠᠷ ᠡᠪᠦᠳᠦᠭ ᠤᠨ ᠳᠤᠮᠳᠠ | ᠠᠰᠬᠠᠨ ᠬᠠᠪᠴᠢᠵᠤ᠂ ᠵᠡᠭᠦᠨ ᠭᠠᠷ ᠤᠨ ᠬᠤᠷᠤᠭᠤ ᠪᠠᠷ ᠢᠶᠠᠨ ᠴᠢᠪᠬᠠᠳᠠᠬᠤ ᠪᠣᠯᠪᠠᠴᠤ ᠶᠠᠲᠤᠭ᠎ᠠ ᠶᠢᠨ ᠬᠥᠪᠴᠢ ᠨᠢ | ᠶᠡᠷᠦ ᠠᠴᠠ ᠶᠠᠲᠤᠭ᠎ᠠ ᠶᠢᠨ ᠬᠦᠵᠦᠭᠦᠦ ᠲᠠᠢ ᠣᠶᠢᠷᠠᠳᠳᠠᠭ ᠦᠭᠡᠶ᠃ | ᠳᠡᠭᠡᠷᠡᠬᠢ 3 ᠵᠦᠢᠯ ᠤᠨ ᠭᠠᠭᠴᠠ ᠴᠢᠪᠬᠠᠳᠠᠰᠤᠲᠤ ᠬᠦᠭᠵᠢᠮᠳᠡᠬᠦᠷ ᠲᠠᠢ ᠬᠠᠮᠤᠭ ᠤᠨ ᠲᠥᠰᠦᠭᠡᠲᠡᠢ | ᠬᠦᠭᠵᠢᠮᠳᠡᠬᠦᠷ ᠪᠣᠯ Suhun khuuur (ᠰᠦᠬᠡᠨ ᠬᠤᠭᠤᠷ) ᠪᠣᠯᠤᠨ᠎ᠠ᠃ ᠡᠨᠡ ᠪᠣᠯ ᠮᠣᠩᠭᠤᠯ ᠦᠨᠳᠦᠰᠦᠲᠡᠨ | ᠤ ᠡᠷᠲᠡᠨ ᠤ ᠭᠠᠭᠴᠠ ᠴᠢᠪᠬᠠᠳᠠᠰᠤᠲᠤ ᠱᠦᠷᠭᠦᠭᠦᠯ ᠬᠥᠭᠵᠢᠮᠳᠡᠭᠦᠷ ᠪᠣᠯᠤᠨ᠎ᠠ᠃ ᠲᠡᠷᠡ ᠨᠢ ᠪᠤᠬ᠎ᠠ ᠶᠢᠨ ᠰᠦᠬᠡ | (ᠪᠤᠷᠢᠶᠠᠳ ᠨᠤᠲᠤᠭ ᠤᠨ ᠠᠶᠠᠯᠭᠤ᠂ ᠳᠠᠪᠤᠰᠠᠩ ᠤᠨ ᠤᠭᠤᠲᠠ ᠭᠡᠰᠡᠨ ᠤᠳᠬ᠎ᠠ ᠲᠠᠢ) ᠪᠠᠷ ᠨᠢᠭᠤᠷ ᠢ ᠨᠢ ᠪᠦᠷᠢᠵᠦ᠂ | ᠮᠣᠷᠢᠨ ᠰᠡᠭᠦᠯ ᠤᠨ ᠬᠢᠯᠭᠠᠰᠣ ᠪᠠᠷ ᠶᠠᠲᠤᠭ᠎ᠠ ᠶᠢᠨ ᠬᠥᠪᠴᠢ ᠬᠢᠵᠦ᠂ ᠬᠥᠭᠵᠢᠮᠳᠡᠬᠦ ᠳᠡᠭᠡᠨ ᠭᠠᠵᠠᠷ ᠰᠠᠭᠤᠭ᠎ᠠ ᠬᠡᠯᠪᠡᠷᠢ | ᠪᠠᠷ ᠬᠥᠪᠴᠢ ᠪᠠᠨ ᠲᠠᠪᠤᠨ ᠬᠤᠷᠤᠭᠤ ᠪᠠᠷ ᠢᠶᠠᠨ ᠴᠢᠯᠥᠭᠡᠲᠡᠶ ᠳᠠᠷᠤᠳᠠᠭ᠃ ᠮᠣᠷᠢᠨ ᠬᠤᠭᠤᠷ ᠬᠥᠭᠵᠢᠯ ᠤᠨ ᠲᠡᠤᠬᠡ | ᠪᠠᠨ ᠪᠢᠴᠢᠭᠯᠡᠵᠦ᠂ ᠮᠣᠷᠢᠨ ᠬᠤᠭᠤᠷ ᠤᠨ ᠲᠠᠭᠤᠨ ᠲᠡᠦᠬᠡ ᠶᠢᠨ ᠣᠭᠲᠠᠷᠭᠤᠢ ᠶᠢᠨ ᠴᠡᠭᠡᠯ ᠳᠤ ᠴᠤᠤᠷᠢᠶᠠᠲᠤᠵᠤ᠂ | ᠲᠤᠷᠠᠰᠬᠤ ᠲᠤᠰᠤᠮ ᠬᠥᠮᠦᠰ ᠤᠨ ᠰᠣᠨᠢᠷᠬᠠᠯ ᠢ ᠲᠠᠲᠠᠮ᠎ᠠ ᠰᠠᠶᠢᠬᠠᠨ᠃ | | | | ᠢᠷᠡᠯᠲᠡ᠄ ᠬᠤᠯᠪᠤᠭ᠎ᠠ ᠪᠦᠷᠭᠡ | ᠳᠡᠪᠰᠢᠭᠦᠯᠦᠭᠴᠢ᠄ ᠲᠡᠷᠭᠡᠯ | |