ᠬᠢᠴᠢᠶᠡᠯᠯᠡᠭᠡ ᠶᠢᠨ ᠬᠡᠪ ᠵᠠᠭᠪᠤᠷ ᠢ ᠬᠡᠷᠡᠭᠯᠡᠬᠦ ᠳᠦᠷᠪᠡᠨ ᠴᠡᠭᠡᠷ 
ᠨᠡᠶᠢᠲᠡᠯᠡᠭᠰᠡᠨ ᠴᠠᠭ᠄
2023/11/24
ᠬᠢᠴᠢᠶᠡᠯᠯᠡᠭᠡ ᠶᠢᠨ ᠬᠡᠪ ᠵᠠᠭᠪᠤᠷ ᠢ ᠬᠡᠷᠡᠭᠯᠡᠬᠦ ᠳᠦᠷᠪᠡᠨ ᠴᠡᠭᠡᠷ                      ᠣᠳᠣᠬᠠᠨ ᠳᠤ᠂ ᠠᠯᠢ ᠤᠯᠠᠨ ᠬᠢᠴᠢᠶᠡᠯᠯᠡᠭᠡ ᠶᠢᠨ ᠭᠡᠪ ᠵᠠᠭᠪᠤᠷ ᠪᠦᠲᠦᠭᠡᠭᠳᠡᠨ ᠬᠡᠷᠡᠭᠯᠡᠭᠳᠡᠵᠦ ᠪᠠᠶᠢᠨ᠎ᠠ᠃ ᠡᠨᠡ ᠨᠢ ᠵᠢᠭᠠᠨ ᠰᠤᠷᠭᠠᠯᠲᠠ ᠶᠢᠨ ᠦᠵᠡᠯᠲᠡ᠂ ᠵᠢᠭᠠᠨ ᠰᠤᠷᠭᠠᠯᠲᠠ ᠶᠢᠨ ᠠᠷᠭ᠎ᠠ ᠪᠠ ᠵᠢᠭᠠᠨ ᠰᠤᠷᠭᠠᠯᠲᠠ ᠶᠢᠨ ᠦᠨᠡᠯᠡᠯᠲᠡ ᠬᠤᠪᠢᠷᠠᠯᠲᠠ ᠭᠠᠷᠤᠭᠰᠠᠨ ᠤ ᠪᠤᠳᠠᠳᠤ ᠢᠯᠡᠷᠡᠯ ᠪᠤᠯᠤᠨ᠎ᠠ᠃ ᠭᠡᠳᠡᠯ᠎ᠡ ᠶᠠᠮᠠᠷᠪᠠ ᠨᠢᠭᠡᠨ ᠬᠢᠴᠢᠶᠡᠯᠯᠡᠭᠡ ᠶᠢᠨ ᠬᠡᠪ ᠵᠠᠭᠪᠤᠷ ᠢ ᠬᠡᠷᠡᠭᠯᠡᠬᠦ ᠨᠢ ᠲᠡᠶᠢᠮᠤ ᠬᠢᠯᠪᠠᠷᠬᠠᠨ ᠶᠠᠪᠤᠳᠠᠯ ᠪᠢᠰᠢ᠂ ᠠᠳᠠᠭ ᠲᠠᠭᠠᠨ ᠳᠤᠤᠷᠠᠬᠢ ᠲᠦᠷᠪᠡᠨ ᠲᠠᠯ᠎ᠠ ᠶᠢ ᠤᠨᠴᠠ ᠴᠡᠭᠡᠷᠯᠡᠬᠦ ᠭᠡᠷᠡᠭᠲᠡᠢ᠃                      1. ᠬᠡᠪ ᠵᠠᠭᠪᠤᠷ ᠤᠨ ᠤᠨᠤᠯᠵᠢᠬᠤᠨ ᠢ ᠬᠦᠩᠭᠡᠪᠴᠢᠯᠡᠬᠦ ᠶᠢ ᠴᠡᠭᠡᠷᠯᠡᠨ᠎ᠡ᠃ ᠬᠢᠴᠢᠶᠡᠯᠯᠡᠭᠡ ᠶᠢᠨ ᠬᠡᠪ ᠵᠠᠭᠪᠤᠷ ᠪᠤᠯ ᠵᠤᠬᠢᠬᠤ ᠵᠢᠭᠠᠨ ᠰᠤᠷᠭᠠᠯᠲᠠ ᠶᠢᠨ ᠦᠵᠡᠯ ᠰᠠᠨᠠᠭ᠎ᠠ ᠪᠤᠶᠤ ᠵᠢᠭᠠᠨ ᠰᠤᠷᠭᠠᠯᠲᠠ ᠶᠢᠨ ᠤᠨᠤᠯᠵᠢᠬᠤᠨ ᠤ ᠵᠢᠯᠤᠭᠤᠳᠤᠯᠭ᠎ᠠ ᠳᠤᠤᠷ᠎ᠠ ᠪᠦᠲᠦᠭᠰᠡᠨ ᠨᠡᠯᠢᠶᠡᠳ ᠳᠤᠭᠳᠠᠪᠤᠷᠢᠲᠠᠢ ᠪᠠᠶᠢᠳᠠᠭ ᠵᠢᠭᠠᠨ ᠰᠤᠷᠭᠠᠯᠲᠠ ᠶᠢᠨ ᠠᠵᠢᠯᠯᠠᠭᠠᠨ ᠤ ᠪᠦᠲᠦᠴᠠ ᠶᠢᠨ ᠪᠤᠷᠤ ᠲᠦᠯᠦᠪ ᠪᠤᠯᠤᠨ᠎ᠠ᠃ ᠨᠢᠭᠡᠨ ᠬᠡᠪ ᠵᠠᠭᠪᠤᠷ ᠢ ᠵᠠᠪᠠᠯ ᠳᠤᠤᠱ ᠳᠤᠳᠤᠷᠬᠠᠢ ᠤᠶᠢᠯᠠᠭᠠᠭᠰᠠᠨ ᠤ ᠰᠠᠭᠤᠷᠢᠨ ᠳᠡᠭᠡᠷ᠎ᠡ ᠰᠠᠶ᠋ᠢ ᠬᠡᠷᠡᠭᠯᠡᠬᠦ ᠶᠢ ᠵᠤᠷᠢᠬᠤ ᠭᠡᠷᠡᠭᠲᠡᠢ᠃ ᠨᠢᠭᠡᠨ ᠬᠢᠴᠢᠶᠡᠯᠯᠡᠭᠡ ᠶᠢᠨ ᠬᠡᠪ ᠵᠠᠭᠪᠤᠷ ᠲᠤ ᠶᠡᠷᠤ  ᠳᠡᠭᠡᠨ ᠤᠨᠤᠯ ᠤᠨ ᠰᠢᠰᠲ᠋ᠧᠮ᠂ ᠠᠷᠭ᠎ᠠ ᠶᠢᠨ ᠰᠢᠰᠲ᠋ᠧᠮ ᠪᠠ ᠦᠨᠡᠯᠡᠯᠲᠡ ᠶᠢᠨ ᠰᠢᠰᠲ᠋ᠧᠮ ᠪᠠᠶᠢᠳᠠᠭ᠃ ᠵᠦᠪᠭᠡᠨ ᠠᠷᠭ᠎ᠠ ᠶᠢᠨ ᠰᠢᠰᠲ᠋ᠧᠮ ᠢ ᠯᠡ ᠠᠩᠬᠠᠷᠤᠭᠠᠳ ᠤᠨᠤᠯ ᠤᠨ ᠰᠢᠰᠲ᠋ᠧᠮ ᠢ ᠬᠦᠩᠬᠡᠪᠴᠢᠯᠠᠪᠠᠯ ᠶᠠᠭᠤᠨ ᠳᠤ ᠲᠡᠭᠡᠵᠤ ᠬᠢᠵᠤ ᠪᠠᠶᠢᠭ᠎ᠠ ᠪᠠᠨ ᠤᠶᠢᠯᠠᠭᠠᠬᠤ ᠦᠭᠡᠢ ᠪᠠᠯᠠᠢ ᠠᠵᠢᠯᠯᠠᠭᠠᠨ ᠪᠤᠯᠤᠨ᠎ᠠ᠃ ᠵᠦᠪᠭᠡᠨ ᠤᠨᠤᠯ ᠬᠦᠨᠵᠡᠭᠡᠢ ᠪᠠᠶᠢᠮᠠᠨᠵᠢᠨ ᠰᠠᠶ᠋ᠢ ᠦᠪᠡᠷ ᠢ ᠪᠠᠨ ᠳᠤᠳᠤ ᠲᠠᠨᠢᠵᠤ᠂ ᠪᠤᠰᠤᠳ ᠢ ᠵᠦᠪ ᠦᠨᠡᠯᠡᠵᠤ᠂ ᠬᠡᠪ ᠵᠠᠭᠪᠤᠷ ᠬᠦᠭᠵᠢᠯᠲᠡ ᠲᠠᠢ ᠪᠤᠯᠵᠤ ᠴᠢᠳᠠᠨ᠎ᠠ᠃                   2. ᠬᠢᠴᠢᠶᠡᠯᠯᠡᠭᠡ ᠶᠢᠨ ᠠᠯᠬᠤᠮ ᠳᠠᠷᠠᠭᠠᠯᠠᠯ ᠢ ᠦᠭᠦᠮᠡᠯ ᠢᠶᠠᠷ ᠬᠡᠷᠡᠭᠯᠡᠬᠦ ᠶᠢ ᠴᠡᠭᠡᠷᠯᠡᠨ᠎ᠡ᠃ ᠬᠢᠴᠢᠶᠡᠯᠯᠡᠭᠡ  ᠶᠢᠨ ᠬᠡᠪ ᠵᠠᠭᠪᠤᠷ ᠤᠨ ᠠᠷᠭ᠎ᠠ ᠶᠢᠨ ᠰᠢᠰᠲ᠋ᠧᠮ ᠨᠢ ᠶᠡᠷᠤ ᠳᠡᠭᠡᠨ ᠬᠢᠴᠢᠶᠡᠯᠯᠡᠭᠡ ᠶᠢᠨ ᠠᠯᠬᠤᠮ ᠳᠠᠷᠠᠭᠠᠯᠠᠯ ᠢᠶᠠᠷ ᠢᠯᠡᠷᠡᠳᠡᠭ᠃ ᠡᠨᠡᠬᠦ ᠠᠯᠬᠤᠮ ᠲᠠᠷᠠᠭᠠᠯᠠᠯ ᠨᠢ ᠬᠠᠮᠤᠭ ᠤᠨ ᠦᠨᠳᠦᠰᠦᠨ ᠳᠠᠷᠠᠭᠠᠯᠠᠯ ᠪᠤᠯᠬᠤ ᠶᠤᠮ᠂ ᠬᠠᠷᠢᠨ ᠦᠭᠦᠮᠡᠯ ᠳᠤᠭᠲᠠᠮᠠᠯ ᠭᠡᠰᠡᠨ ᠪᠢᠰᠢ᠃ ᠬᠢᠴᠢᠶᠡᠯᠯᠡᠭᠡ ᠶᠢᠨ ᠬᠡᠪ ᠵᠠᠭᠪᠤᠷ ᠤᠨ ᠤᠨᠤᠯ ᠤᠨ ᠵᠢᠯᠤᠭᠤᠳᠤᠯᠭ᠎ᠠ ᠳᠤᠤᠷ᠎ᠠ ᠰᠤᠷᠤᠭᠴᠢ ᠂ ᠰᠤᠷᠬᠤ ᠠᠭᠤᠯᠭ᠎ᠠ᠂ ᠵᠢᠭᠠᠨ ᠰᠤᠷᠭᠠᠬᠤ ᠨᠦᠬᠦᠴᠡᠯ᠂ ᠪᠠᠭᠰᠢ ᠶᠢᠨ ᠤᠷ᠎ᠠ ᠠᠪᠢᠶᠠᠰ ᠵᠡᠷᠭᠡ ᠶᠢ ᠦᠨᠳᠦᠰᠦᠯᠡᠨ ᠠᠮᠢᠳᠤᠯᠢᠭ ᠢᠶᠠᠷ ᠬᠡᠷᠡᠭᠯᠡᠨ᠎ᠡ᠃ ᠵᠢᠱᠢᠶᠡᠯᠡᠪᠡᠯ᠂ ᠬᠢᠴᠢᠶᠡᠯᠯᠡᠭᠡ ᠶᠢᠨ ᠠᠯᠬᠤᠮ ᠳᠠᠷᠠᠭᠠᠯᠠᠯ ᠢ ᠰᠤᠯᠢᠨ ᠬᠡᠷᠡᠭᠯᠡᠬᠦ᠂ ᠵᠠᠷᠢᠮ ᠢ ᠨᠢ ᠨᠠᠷᠢᠯᠢᠭ ᠭᠡᠷᠡᠭᠯᠡᠵᠦ ᠵᠠᠷᠢᠮ ᠢ ᠨᠢ ᠪᠦᠳᠦᠭᠦᠪᠴᠢ ᠬᠡᠷᠡᠭᠯᠡᠬᠦ᠂ ᠵᠠᠷᠢᠮ ᠭᠤᠭᠴᠤᠭ᠎ᠠ ᠶᠢ ᠨᠢ ᠳᠠᠬᠢᠨ ᠳᠠᠪᠲᠠ ᠬᠡᠷᠡᠭᠯᠡᠬᠦ ᠭᠡᠬᠦ ᠮᠡᠳᠤ᠃ ᠢᠩᠬᠢᠪᠡᠯ ᠰᠠᠶ᠋ᠢ ᠬᠢᠴᠢᠶᠡᠯᠯᠡᠭᠡ ᠶᠢᠨ ᠬᠡᠪ ᠵᠠᠭᠪᠤᠷ ᠴᠠᠭᠯᠠᠰᠢ ᠦᠭᠡᠢ ᠠᠮᠢᠯᠠᠯ ᠤᠨ ᠬᠦᠴᠦᠨ ᠲᠠᠢ ᠪᠤᠯᠵᠤ᠂ ᠨᠡᠩ ᠰᠠᠶᠢᠨ ᠦᠢᠯᠡᠳᠦᠯ ᠲᠠᠢ ᠪᠤᠯᠵᠤ ᠴᠢᠳᠠᠨ᠎ᠠ᠃ ᠲᠡᠶᠢᠮᠤ ᠪᠢᠰᠢ ᠪᠤᠯ ᠨᠢᠭᠡ ︽ᠴᠠᠭᠠᠷᠢᠭ ︾ ᠠᠴᠠ ᠦᠰᠦᠷᠦᠨ ᠭᠠᠷᠴᠤ ᠨᠦᠬᠦᠭᠡ ︽ᠴᠠᠭᠠᠷᠢᠭ︾ ᠲᠤ ᠤᠷᠤᠭᠰᠠᠨ ᠳᠡᠳᠦᠢ ᠶᠤᠮ᠃                       3. ᠬᠢᠴᠢᠶᠡᠯᠯᠡᠭᠡ ᠶᠢᠨ ᠦᠨᠡᠯᠡᠯᠲᠡ ᠶᠢ ᠬᠦᠩᠭᠡᠪᠴᠢᠯᠡᠬᠦ ᠶᠢ ᠴᠡᠭᠡᠷᠯᠡᠨ᠎ᠡ᠃  ᠬᠢᠴᠢᠶᠡᠯᠯᠡᠭᠡ ᠶᠢᠨ ᠦᠨᠡᠯᠡᠯᠲᠡ ᠶᠢ ᠴᠢᠩᠭᠠᠳᠬᠠᠬᠤ ᠨᠢ ᠬᠡᠪ ᠵᠠᠭᠪᠤᠷ ᠤᠨ ᠦᠷ᠎ᠡ ᠠᠰᠢᠭ ᠢ ᠰᠠᠶᠢᠵᠢᠷᠠᠭᠤᠯᠵᠤ᠂ ᠵᠢᠭᠠᠨ ᠰᠤᠷᠭᠠᠯᠲᠠ ᠶᠢᠨ ᠬᠢᠷᠢ ᠳᠦᠪᠰᠢᠨ ᠢᠶᠠᠨ ᠳᠡᠭᠡᠭᠰᠢᠯᠡᠭᠦᠯᠬᠦ ᠶᠢᠨ ᠲᠦᠯᠦᠭᠡ ᠶᠤᠮ᠃ ᠬᠢᠴᠢᠶᠡᠯᠯᠡᠭᠡ ᠶᠢᠨ ᠦᠨᠡᠯᠡᠯᠲᠡ ᠳᠤ ᠦᠨᠡᠨ ᠳᠡᠭᠡᠨ ᠬᠢᠴᠢᠶᠡᠯ ᠳᠡᠭᠡᠷ᠎ᠡ ᠦᠨᠡᠯᠡᠬᠦ ᠪᠠ ᠬᠢᠴᠢᠶᠡᠯ ᠤᠨ ᠳᠠᠷᠠᠭ᠎ᠠ ᠦᠨᠡᠯᠡᠬᠦ ᠬᠤᠶᠠᠷ ᠵᠦᠢᠯ ᠪᠠᠶᠢᠨ᠎ᠠ᠃ ᠠᠯᠢ ᠦᠨᠡᠯᠡᠯᠲᠡ ᠪᠤᠯᠤᠭᠰᠠᠨ ᠴᠦ ︽ᠬᠠᠷᠢᠭᠤ ᠳᠤᠰᠬᠠᠯ︾ ᠢᠯᠡᠬᠦᠭᠡᠨ ᠤᠯᠵᠤ᠂ ᠬᠡᠪ ᠵᠠᠭᠪᠤᠷ ᠤᠨ ᠦᠨᠡᠯᠡᠬᠦ ᠱᠠᠭᠠᠷᠳᠠᠯᠭ᠎ᠠ ᠶᠤᠰᠤᠭᠠᠷ ᠦᠪᠡᠷ ᠢ ᠪᠠᠨ ᠦᠨᠡᠯᠡᠵᠦ᠂ ᠰᠤᠷᠤᠭᠴᠢ ᠪᠠᠨ ᠦᠨᠡᠯᠡᠵᠦ᠂ ᠬᠢᠴᠢᠶᠡᠯᠯᠡᠭᠡ ᠪᠠᠨ ᠦᠨᠡᠯᠡᠵᠦ ᠪᠠᠶᠢᠬᠤ ᠬᠡᠷᠡᠭᠲᠡᠢ᠃                  4. ᠬᠢᠴᠢᠶᠡᠯ ᠲᠦᠷᠦᠯ ᠤᠨ ᠤᠨᠴᠠᠯᠢᠭ ᠢᠶᠠᠨ ᠬᠠᠶᠠᠵᠤ ᠬᠡᠯᠪᠡᠷᠢ ᠶᠢ ᠬᠦᠭᠡᠭᠡᠴᠡᠯᠳᠤᠬᠦ ᠶᠢ ᠴᠡᠭᠡᠷᠯᠡᠨ᠎ᠡ᠃ ᠬᠢᠴᠢᠶᠡᠯ ᠲᠦᠷᠦᠯ ᠪᠦᠬᠦᠨ ᠴᠦᠮ ᠦᠪᠡᠷ ᠦᠪᠡᠷ ᠤᠨ ᠤᠨᠴᠠᠯᠢᠭ ᠲᠠᠢ ᠪᠠᠶᠢᠳᠠᠭ᠃ ᠶᠠᠮᠠᠷ ᠨᠢᠭᠡᠨ ᠬᠢᠴᠢᠶᠡᠯᠯᠡᠭᠡ  ᠶᠢᠨ ᠬᠡᠪ ᠵᠠᠭᠪᠤᠷ ᠢ ᠭᠡᠷᠡᠭᠯᠡᠭᠰᠡᠨ ᠴᠤ ᠡᠨᠡᠬᠦ ᠤᠨᠴᠠᠯᠢᠭ ᠢᠶᠠᠨ ᠬᠠᠳᠠᠭᠠᠯᠠᠬᠤ ᠭᠡᠷᠡᠭᠲᠡᠢ᠃ ᠪᠤᠰᠤᠳ ᠤᠨ ᠬᠢᠴᠢᠶᠡᠯ ᠲᠡᠭᠡᠵᠤ ᠪᠠᠶᠢᠨ᠎ᠠ ᠪᠢ ᠪᠠᠰᠠ ᠲᠡᠭᠡᠶ᠎ᠡ ᠭᠡᠪᠡᠯ ᠬᠡᠯᠪᠡᠷᠢ ᠶᠢᠨ ᠳᠡᠳᠦᠢ ᠶᠠᠭᠤᠮ᠎ᠠ ᠪᠤᠯᠤᠨ᠎ᠠ᠃ ᠬᠠᠷᠢᠨ ᠬᠢᠴᠢᠶᠡᠯᠯᠡᠭᠡ ᠶᠢᠨ ᠬᠡᠪ ᠵᠠᠭᠪᠤᠷ ᠤᠨ ᠤᠨᠤᠯ ᠤᠨ ᠵᠢᠯᠤᠭᠤᠳᠤᠯᠭ᠎ᠠ ᠳᠤᠤᠷ᠎ᠠ ᠮᠢᠨᠤ ᠬᠢᠴᠢᠶᠡᠯ ᠬᠡᠷᠬᠢᠨ ᠬᠢᠬᠦ ᠪᠢᠯᠡ ᠭᠡᠳᠡᠭ ᠢ ᠢᠯᠡᠬᠦᠭᠡᠨ ᠰᠤᠳᠤᠯᠬᠤ ᠴᠢᠬᠤᠯᠲᠠᠢ ᠶᠤᠮ᠃ ᠢᠷᠡᠯᠲᠡ᠄  ᠬᠤᠯᠪᠤᠭ᠎ᠠ  ᠪᠦᠷᠭᠡᠳᠡᠪᠰᠢᠭᠦᠯᠦᠭᠴᠢ᠄   ᠲᠡᠷᠭᠡᠯ  
 
ᠢᠷᠡᠯᠲᠡ᠄ ᠬᠤᠯᠪᠤᠭ᠎ᠠ ᠪᠦᠷᠭᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2