ᠡᠬᠢ ᠪᠠᠶᠠᠯᠢᠭ ᠤᠨ ᠣᠨᠴᠠᠯᠢᠭ | | | ᠠᠳᠡ ᠰᠢᠯᠢᠳᠡᠭ ᠴᠢᠨᠠᠷ ᠲᠠᠢ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠲᠠᠢ᠃ | ᠪᠠᠶᠢᠭᠠᠯᠢ ᠶᠢᠨ ᠪᠡᠯᠴᠢᠭᠡᠷ 3200 ᠲᠦᠮᠡᠨ ᠮᠣ᠂ ᠵᠢᠯ ᠤᠨ ᠮᠠᠯ ᠲᠡᠵᠢᠭᠡᠪᠦᠷᠢ ᠶᠢᠨ ᠲᠤᠭ᠎ᠠ ᠲᠣᠯᠣᠭᠠᠢ 260 | ᠲᠦᠮᠡᠨ ᠲᠣᠯᠣᠭᠠᠢ ᠳᠤ ᠬᠦᠷᠴᠦ᠂ ᠡᠭᠦᠨ ᠳᠤ ᠵᠢᠯ ᠳᠤ 130 ᠲᠦᠮᠡᠨ ᠢᠳᠡᠰᠢᠨᠬᠤᠨᠢ᠂ 2 ᠲᠦᠮᠡᠨ ᠠᠯᠠᠰᠢᠨ | ᠦᠬᠡᠷ᠂ ᠪᠥᠬᠦ ᠤᠯᠤᠰ ᠲᠤ ᠬᠠᠮᠤᠭ ᠲᠣᠮᠣ ᠳ᠋ᠦ᠋ᠮᠡᠨ ᠢᠳᠡᠰᠢᠨ ᠬᠤᠨᠢᠨ ᠤ ᠠᠷᠠᠯᠵᠢᠶᠠᠨ ᠤ ᠴᠤᠭᠯᠠᠭ᠎ᠠ ᠮᠠᠶᠢᠮᠠᠢ ᠶᠢᠨ | ᠭᠠᠵᠠᠷ ᠪᠣᠯᠤᠨ᠎ᠠ᠃ ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ 200 ᠲᠦᠮᠡᠨ ᠮᠦ᠂ ᠡᠭᠦᠨ ᠳᠤ | ᠲᠥᠬᠦᠭᠡᠷᠦᠮᠵᠢᠲᠦ ᠲᠠᠷᠢᠶᠠᠯᠠᠩ 70 ᠲᠦᠮᠡᠨ ᠮᠦ᠂ ᠲᠥᠮᠥᠰᠥ ᠲᠠᠷᠢᠬᠤ ᠲᠠᠯᠠᠪᠠᠢ ᠶᠢ 60 ᠲᠦᠮᠡᠨ ᠮᠦ ᠣᠷᠴᠢᠮ | ᠲᠣᠭᠲᠠᠪᠤᠷᠢᠵᠢᠭᠤᠯᠵᠤ᠂ ᠵᠢᠯ ᠤᠨ ᠲᠥᠮᠥᠰᠥ 16 ᠳ᠋ᠦ᠋ᠩᠰᠢᠭᠤᠷ ᠵᠢᠩ᠂ ᠪᠥᠬᠦ ᠬᠤᠲᠠ ᠶᠢᠨ ᠬᠤᠷᠢᠶᠠᠯᠲᠠ ᠶᠢᠨ | 1/4 ᠶᠢ ᠡᠵᠡᠯᠡᠪᠡ᠃ ᠣᠳᠣ ᠪᠠᠷ ᠦᠷ᠎ᠡ ᠰᠤᠳᠤᠯᠤᠨ ᠬᠥᠭᠵᠢᠭᠦᠯᠬᠦ ᠠᠵᠤ ᠠᠬᠤᠢ ᠶᠢᠨ ᠨᠢᠭᠡᠴᠡ 2᠂ ᠰᠠᠶ᠋ᠢᠨᠦ | ᠬᠤᠴᠠ ᠶᠢᠨ ᠰᠢᠨᠵᠢᠯᠡᠬᠦ ᠤᠬᠠᠭᠠᠨ ᠲᠧᠭᠨᠣᠯᠣᠭᠢ ᠶᠢᠨ ᠺᠣᠮᠫᠠᠨᠢ ᠪᠣᠯ ᠬᠥᠳᠡᠭᠡ ᠠᠵᠤ ᠠᠬᠤᠢ ᠶᠢᠨ ᠠᠵᠤ | ᠦᠢᠯᠡᠳᠪᠦᠷᠢᠵᠢᠭᠰᠡᠨ ᠲᠥᠷᠥ ᠶᠢᠨ ᠭᠤᠣᠯ ᠴᠢᠬᠤᠯᠠ ᠯᠢᠳᠧᠷ ᠠᠵᠤ ᠠᠬᠤᠢ ᠶᠢᠨ ᠨᠢᠭᠡᠴᠡ᠂ ᠬᠢᠲᠠᠳ ᠺᠠᠨᠠᠳᠠ ᠤᠨ | ᠬᠥᠳᠡᠭᠡ ᠠᠵᠤ ᠠᠬᠤᠢ ᠶᠢᠨ ᠪᠢᠣᠯᠣᠭᠢ ᠶᠢᠨ ᠰᠢᠨᠵᠢᠯᠡᠬᠦ ᠤᠬᠠᠭᠠᠨ ᠲᠧᠭᠨᠣᠯᠣᠭᠢ ᠶᠢᠨ ᠬᠠᠭ ᠤᠨ ᠺᠣᠮᠫᠠᠨᠢ ᠪᠦᠬᠦ | ᠬᠢᠲᠠᠳ ᠤᠨ ᠦᠷ᠎ᠡ ᠶᠢᠨ ᠲᠥᠮᠥᠰᠥ ᠶᠢᠨ ᠠᠵᠤ ᠠᠬᠤᠢ ᠶᠢᠨ ᠨᠢᠭᠡᠴᠡ ᠲᠠᠪᠤᠳᠤᠭᠠᠷ ᠲᠤ᠃ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠴᠢᠯᠡᠭᠰᠡᠨ ᠬᠥᠭᠵᠢᠯᠲᠡ ᠪᠠᠲᠤ ᠪᠠᠬᠢ ᠰᠠᠭᠤᠷᠢ ᠲᠠᠢ᠃ | | | | | | | ᠠᠳᠡ ᠲᠩᠷᠢ ᠶᠢᠨ ᠬᠡᠰᠢᠭ ᠢ ᠭᠠᠭᠴᠠᠭᠠᠷ ᠬᠦᠷᠲᠡᠭᠰᠡᠨ ᠠᠶᠠᠯᠠᠯ ᠵᠢᠭᠤᠯᠴᠢᠯᠠᠯ ᠤᠨ ᠪᠠᠶᠠᠯᠢᠭ | ᠲᠠᠢ᠃ᠡᠨᠡ ᠨᠢ ᠮᠠᠨ ᠤ ᠤᠯᠤᠰ ᠤᠨ ᠠᠩᠬᠠᠳᠠᠭᠴᠢ ᠪᠦᠯᠦᠭ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ | 1 ᠪᠣᠯᠬᠤ ᠭᠡᠭᠡᠨᠲᠠᠯ᠎ᠠ ᠨᠤᠲᠤᠭ ᠤᠨ ᠵᠤᠭᠠᠴᠠᠯ ᠤᠨ ᠲᠥᠪ ᠪᠣᠯᠤᠨ᠎ᠠ᠂ ᠡᠨᠡ ᠨᠢ ᠪᠠᠰᠠᠴᠤ ᠮᠠᠨ ᠤ ᠣᠷᠣᠨ ᠤ ᠲᠥᠪ | ᠬᠤᠲᠠ ᠠᠴᠠ ᠬᠠᠮᠤᠭ ᠣᠶᠢᠷ᠎ᠠ ᠲᠠᠯ᠎ᠠ ᠨᠤᠲᠤᠭ ᠪᠣᠯᠤᠨ᠎ᠠ ᠂ ᠤᠯᠤᠰ ᠤᠨ ᠳᠡᠰ ᠤᠨ ᠭᠠᠵᠠᠷ ᠰᠢᠨᠵᠢᠯᠡᠭᠡᠨ ᠤ | ᠴᠡᠴᠡᠷᠯᠢᠭ 1 ᠪᠣᠢ᠂ ᠡᠭᠦᠨ ᠳᠤ ᠤᠯᠠᠭᠠᠨ ᠬᠠᠳᠠ ᠶᠢᠨ ᠥᠷᠲᠡᠭᠡ ᠭᠠᠵᠠᠷ ᠪᠣᠯ ᠠᠽᠢᠶ᠎ᠠ ᠲᠢᠪ ᠴᠢᠨᠠᠭᠰᠢᠯᠠᠭᠠᠳ | ᠪᠦᠬᠦ ᠳᠡᠯᠡᠬᠡᠢ ᠳᠤ ᠬᠠᠮᠤᠭ ᠤᠨ ᠦᠷᠭᠦᠯᠵᠢᠯᠡᠭᠰᠡᠨ᠂ ᠬᠠᠮᠤᠭ ᠤᠨ ᠰᠢᠰᠲ᠋ᠧᠮ ᠲᠠᠢ᠂ ᠬᠠᠮᠤᠭ ᠤᠨ ᠪᠠᠷᠢᠮᠵᠢᠶᠠᠲᠤ | ᠭᠠᠵᠠᠷ ᠤᠨ ᠳᠠᠪᠬᠤᠷᠭ᠎ᠠ ᠶᠢᠨ ᠣᠭᠲᠣᠯᠤᠭᠠᠰᠤ ᠪᠠᠶᠢᠵᠤ᠂ ᠲᠤᠰ ᠭᠠᠵᠠᠷ ᠤᠨ ᠢᠳᠡᠭᠳᠡᠭᠦᠯᠦᠯ ᠤᠨ ᠭᠠᠵᠠᠷ ᠤᠨ | ᠲᠥᠷᠬᠦ ᠨᠢ ᠠᠤᠭ᠎ᠠ ᠰᠦᠷᠯᠢᠭ᠂ ᠰᠦᠷᠯᠢᠭ ᠦᠵᠡᠮᠵᠢ ᠲᠠᠢ ᠪᠠᠶᠢᠵᠤ᠂ ᠤᠮᠠᠷᠠᠲᠤ ᠣᠷᠣᠨ ᠤ ᠬᠠᠮᠤᠭ ᠤᠨ | ᠲᠥᠯᠥᠭᠡᠯᠡᠬᠦ ᠴᠢᠨᠠᠷᠲᠠᠢ ᠲᠤᠨᠤᠮᠠᠯ ᠴᠢᠯᠠᠭᠤᠯᠢᠭ ᠤᠨ ᠭᠠᠵᠠᠷ ᠤᠨ ᠲᠥᠷᠬᠦ ᠶᠢᠨ ᠨᠢᠭᠡ ᠪᠣᠯᠤᠨ᠎ᠠ᠂ ᠬᠠᠷᠢᠶ᠎ᠠ | ᠪᠦᠰᠡ ᠳᠠᠬᠢ ᠨᠣᠮᠣᠭᠠᠨ ᠤᠯᠢᠶᠠᠰᠤ ᠶᠢᠨ ᠣᠢ ᠨᠢ ᠪᠦᠬᠦ ᠬᠢᠲᠠᠳ ᠤᠨ ᠡᠷᠲᠡᠨ ᠤ ᠲᠣᠣᠷᠠᠢ ᠶᠢᠨ ᠣᠢ ᠪᠥᠭᠡᠳ ᠲᠡᠷᠡ | ᠨᠢ ᠳᠥᠷᠪᠡᠳ ᠬᠤᠰᠢᠭᠤᠨ ᠤ ᠬᠥᠮᠦᠨ ᠬᠦᠴᠢᠷ ᠪᠡᠷᠬᠡᠰᠢᠶᠡᠯ ᠠᠴᠠ ᠦᠯᠦ ᠠᠶᠤᠬᠤ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠪᠡᠯᠭᠳᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ | ᠬᠤᠰᠢᠭᠤᠨ ᠤ ᠨᠤᠲᠤᠭ ᠳᠡᠪᠢᠰᠬᠡᠷ ᠨᠢ ᠤᠷᠲᠤ ᠤᠳᠠᠭᠠᠨ᠂ ᠬᠥᠮᠦᠨ ᠰᠣᠶᠣᠯ ᠤᠨ ᠦᠵᠡᠮᠵᠢ ᠨᠢ ᠡᠯᠪᠡᠭ᠂ | ᠰᠣᠶᠣᠯ ᠤᠨ ᠠᠭᠤᠯᠬᠤᠨ ᠵᠤᠵᠠᠭᠠᠨ᠂ ᠣᠳᠣ ᠸᠠᠩ ᠤᠨ ᠣᠷᠳᠣᠨ᠂ ᠰᠢᠷᠠᠮᠦ᠋ᠷᠡᠨ ᠰᠦᠮ᠎ᠡ᠂ ᠶᠤᠸᠠᠨ ᠤᠯᠤᠰ ᠤᠨ | ᠣᠪᠣᠭ᠎ᠠ᠂ ᠤᠨ ᠵᠢᠶᠧ ᠬᠤᠣ ᠵᠡᠷᠭᠡ ᠲᠡᠦᠬᠡ ᠰᠣᠶᠣᠯ ᠤᠨ ᠮᠠᠰᠢ ᠣᠯᠠᠨ ᠪᠠᠭᠤᠷᠢ ᠶᠢ ᠬᠠᠳᠠᠭᠠᠯᠠᠵᠤ ᠪᠠᠶᠢᠨ᠎ᠠ᠃ | | | | | | | ᠠᠳᠡ ᠡᠯᠪᠡᠭ ᠪᠠᠶᠠᠯᠢᠭ ᠴᠡᠪᠡᠷ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠲᠠᠢ᠃ | ᠳᠥᠷᠪᠡᠳ ᠬᠤᠰᠢᠭᠤ ᠪᠦᠬᠦ ᠤᠯᠤᠰ ᠤᠨ I ᠳᠡᠰ ᠤᠨ ᠰᠠᠯᠬᠢᠨ ᠡᠨᠧᠷᠭᠢ ᠶᠢᠨ ᠡᠬᠢ ᠪᠠᠶᠠᠯᠢᠭ ᠤᠨ ᠭᠤᠣᠯ | ᠣᠷᠣᠨ ᠳᠤ ᠪᠠᠶᠢᠷᠢᠯᠠᠵᠤ᠂ ᠵᠢᠯ ᠤᠨ ᠠᠰᠢᠭᠲᠤ ᠰᠠᠯᠬᠢᠨ ᠤ ᠴᠠᠭ ᠨᠢ 7800 ᠴᠠᠭ᠂ ᠵᠢᠯ ᠤᠨ ᠳᠤᠮᠳᠠᠴᠢ ᠨᠠᠷᠠᠨ ᠤ | ᠲᠤᠰᠤᠯᠲᠠ ᠶᠢᠨ ᠴᠠᠭ ᠨᠢ 3200 ᠴᠠᠭ᠂ ᠰᠠᠯᠬᠢᠨ ᠡᠨᠧᠷᠭᠢ᠂ ᠨᠠᠷᠠᠨ ᠡᠨᠧᠷᠭᠢ ᠶᠢᠨ ᠡᠬᠢ ᠪᠠᠶᠠᠯᠢᠭ ᠡᠯᠪᠡᠭ | ᠪᠠᠶᠢᠳᠠᠭ ᠪᠣᠯᠬᠤᠷ ᠮᠢᠩᠭᠠᠨ ᠲᠦᠮᠡᠨ ᠺᠢᠯᠣᠸᠠᠲ ᠤᠨ ᠳᠡᠰ ᠤᠨ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ | ᠭᠠᠵᠠᠷ ᠢ ᠪᠠᠶᠢᠭᠤᠯᠬᠤ ᠬᠦᠰᠡᠯᠡᠩ ᠤᠨ ᠭᠠᠵᠠᠷ ᠪᠣᠯᠬᠤ ᠪᠥᠭᠡᠳ ᠣᠳᠣ ᠨᠢᠭᠡᠨᠲᠡ ᠰᠠᠯᠬᠢᠨ ᠡᠨᠧᠷᠭᠢ ᠶᠢᠨ ᠴᠠᠬᠢᠯᠭᠠᠨ | ᠰᠲ᠋ᠠᠨᠼᠢ ᠶᠢᠨ ᠰᠠᠭᠤᠷᠢᠯᠠᠭᠤᠯᠤᠭᠰᠠᠨ ᠬᠦᠴᠦᠨ ᠴᠢᠳᠠᠯ 1700 ᠲᠦᠮᠡᠨ ᠺᠢᠯᠣᠸᠠᠲ ᠢ ᠲᠥᠯᠥᠪᠵᠢᠭᠦᠯᠪᠡ᠃ | ᠡᠭᠦᠨ᠋ᠡᠴᠡ ᠭᠠᠳᠠᠨ᠎ᠠ᠂ ᠬᠤᠰᠢᠭᠤ ᠨᠢ ᠠᠭᠤᠷᠬᠠᠢ ᠶᠢᠨ ᠡᠬᠢ ᠪᠠᠶᠠᠯᠢᠭ᠂ ᠣᠳᠣ ᠪᠠᠷ ᠢᠯᠡᠷᠡᠭᠦᠯᠦᠭᠡᠳ ᠪᠠᠶᠢᠭ᠎ᠠ | ᠠᠰᠢᠭᠲᠤ ᠮᠠᠯᠲᠠᠮᠠᠯ ᠤᠨ ᠨᠥᠭᠡᠴᠡ ᠨᠢ 40 ᠭᠠᠷᠤᠢ ᠵᠦᠢᠯ᠂ ᠢᠯᠠᠩᠭᠤᠶ᠎ᠠ ᠵᠡᠰ᠂ ᠨᠢᠺᠧᠯ᠂ ᠠᠯᠲᠠ᠂ ᠲᠡᠮᠦᠷ᠂ | ᠬᠠᠶᠢᠯᠤᠭᠤᠷ ᠵᠣᠩᠰᠢ᠂ ᠨᠡᠭᠦᠷᠡᠰᠦ ᠵᠡᠷᠭᠡ ᠨᠥᠭᠡᠴᠡ ᠨᠢ ᠶᠡᠭᠡ᠂ ᠰᠣᠨᠢᠷᠬᠠᠯ ᠤᠨ ᠠᠰᠤᠷᠤ ᠶᠡᠭᠡ᠂ | ᠣᠯᠪᠤᠷᠢᠯᠠᠯᠲᠠ ᠶᠢᠨ ᠦᠨ᠎ᠡ ᠴᠠᠨ᠎ᠠ ᠲᠠᠢ ᠪᠠᠶᠢᠳᠠᠭ᠃ᠡᠭᠦᠨ ᠳᠤ᠂ ᠬᠠᠶᠢᠯᠤᠭᠤᠷ ᠵᠣᠩᠰᠢ ᠶᠢᠨ ᠡᠬᠢ ᠪᠠᠶᠠᠯᠢᠭ ᠤᠨ | ᠳᠠᠩ ᠪᠡᠶᠡᠲᠦ ᠠᠭᠤᠷᠬᠠᠢ ᠨᠢ ᠠᠽᠢᠶ᠎ᠠ ᠲᠢᠪ ᠤᠨ ᠲᠡᠷᠢᠭᠦᠨ ᠳᠤ ᠣᠷᠣᠵᠤ᠂ ᠶᠡᠷᠦᠩᠬᠡᠢ ᠬᠠᠳᠠᠭᠠᠯᠠᠭᠳᠠᠴᠠ ᠨᠢ | 3000 ᠭᠠᠷᠤᠢ ᠲᠦᠮᠡᠨ ᠲᠤᠨ᠂ ᠵᠡᠰ ᠤᠨ ᠡᠬᠢ ᠪᠠᠶᠠᠯᠢᠭ ᠤᠨ ᠬᠠᠳᠠᠭᠠᠯᠠᠭᠳᠠᠴᠠ ᠨᠢ 64 ᠲᠦᠮᠡᠨ ᠲᠤᠨ᠃ | | | | | | | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ |