ᠣᠷᠣᠨ ᠤ ᠬᠤᠪᠢᠶᠠᠷᠢ ᠶᠢᠨ ᠬᠥᠮᠦᠨ ᠠᠮᠠ | | ᠳᠥᠷᠪᠡᠳ ᠬᠤᠰᠢᠭᠤ ᠪᠣᠯ ᠮᠣᠩᠭᠤᠯ᠂ ᠬᠢᠲᠠᠳ᠂ ᠬᠤᠲᠣᠩ᠂ ᠮᠠᠨᠵᠤ᠂ ᠳᠠᠭᠤᠷᠢ ᠵᠡᠷᠭᠡ 11 | ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠴᠥᠭᠡᠨ ᠲᠣᠭᠠᠲᠤ ᠦᠨᠳᠦᠰᠦᠲᠡᠨ ᠤ ᠬᠢᠯᠢ ᠶᠢᠨ ᠬᠤᠰᠢᠭᠤ ᠪᠠᠶᠢᠵᠤ᠂ | ᠨᠡᠶᠢᠲᠡ 21.6 ᠲᠦᠮᠡᠨ ᠬᠥᠮᠦᠨ ᠪᠣᠢ᠃ᠡᠭᠦᠨ ᠳᠤ ᠮᠣᠩᠭᠤᠯ ᠦᠨᠳᠦᠰᠦᠲᠡᠨ 1.9 ᠲᠦᠮᠡ ᠪᠠᠶᠢᠵᠤ᠂ ᠪᠦᠬᠦ | ᠬᠤᠲᠠ ᠶᠢᠨ ᠮᠣᠩᠭᠤᠯ ᠦᠨᠳᠦᠰᠦᠲᠡᠨ ᠤ ᠬᠥᠮᠦᠨ ᠠᠮᠠ ᠶᠢᠨ 30% ᠶᠢ ᠡᠵᠡᠯᠡᠵᠦ᠂ ᠪᠦᠬᠦ ᠬᠤᠲᠠ ᠶᠢᠨ | ᠮᠣᠩᠭᠤᠯ ᠦᠨᠳᠦᠰᠦᠲᠡᠨ ᠤ ᠬᠥᠮᠦᠨ ᠠᠮᠠ ᠬᠠᠮᠤᠭ ᠣᠯᠠᠨ᠂ ᠬᠠᠮᠤᠭ ᠲᠥᠪᠯᠡᠷᠡᠭᠰᠡᠨ ᠴᠥᠭᠡᠨ ᠲᠣᠭᠠᠲᠤ | ᠦᠨᠳᠦᠰᠦᠲᠡᠨ ᠤ ᠬᠤᠰᠢᠭᠤ ᠪᠣᠯᠤᠨ᠎ᠠ᠃ | ᠪᠦᠬᠦ ᠬᠤᠰᠢᠭᠤᠨ ᠤ ᠶᠡᠷᠦᠩᠬᠡᠢ ᠲᠠᠯᠠᠪᠠᠢ 25513 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ | ᠤᠯᠠᠭᠠᠨᠴᠠᠪ ᠬᠤᠲᠠ ᠶᠢᠨ ᠶᠡᠷᠦᠩᠬᠡᠢ ᠲᠠᠯᠠᠪᠠᠢ ᠶᠢᠨ 46% ᠶᠢ ᠡᠵᠡᠯᠡᠵᠦ᠂ ᠡᠭᠦᠨ ᠳᠤ ᠮᠠᠯᠵᠢᠬᠤ ᠣᠷᠣᠨ | 20843 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠪᠦᠬᠦ ᠬᠤᠰᠢᠭᠤᠨ ᠤ ᠶᠡᠷᠦᠩᠬᠡᠢ ᠲᠠᠯᠠᠪᠠᠢ ᠶᠢᠨ 81. | 7% ᠶᠢ ᠡᠵᠡᠯᠡᠵᠦ ᠪᠣᠢ᠃ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠨᠢ 5 ᠰᠤᠮᠤ ( ᠴᠠᠭᠠᠨ ᠪᠤᠯᠠᠭ | ᠰᠤᠮᠤ᠂ ᠬᠤᠩᠭᠤᠷ ᠰᠤᠮᠤ᠂ ᠨᠣᠮᠣᠭᠠᠨ ᠰᠤᠮᠤ᠂ ᠪᠠᠶᠠᠨ ᠣᠪᠣᠭ᠎ᠠ ᠰᠤᠮᠤ᠂ ᠵᠠᠩᠠᠨ ᠰᠤᠮᠤ )᠂ 5 ᠪᠠᠯᠭᠠᠰᠤ ( | ᠤᠯᠠᠭᠠᠨ ᠬᠤᠸᠠ ᠪᠠᠯᠭᠠᠰᠤ᠂ ᠪᠠᠶᠠᠨᠴᠣᠭᠲᠤ ᠪᠠᠯᠭᠠᠰᠤ᠂ ᠬᠠᠩᠭᠠᠯᠲᠤ ᠪᠠᠯᠭᠠᠰᠤ᠂ ᠵᠢᠭᠤᠳᠠᠢ ᠪᠠᠯᠭᠠᠰᠤ᠂ ᠬᠦᠷᠢᠶᠡᠲᠦ | ᠪᠠᠯᠭᠠᠰᠤ )᠂ 3 ᠰᠢᠶᠠᠩ ( ᠬᠤᠵᠢᠷᠲᠤ ᠰᠢᠶᠠᠩ᠂ ᠵᠡᠭᠦᠨ ᠪᠠ ᠨᠠᠢᠮᠠᠳᠤᠭᠠᠷ ᠰᠤᠮᠤ᠂ ᠶᠡᠭᠡ ᠲᠦᠷᠭᠡᠨ ᠭᠤᠣᠯ ᠰᠤᠮᠤ | )᠂ 1 ᠮᠠᠯᠵᠢᠯ ᠤᠨ ᠲᠠᠯᠠᠪᠠᠢ ( ᠤᠯᠠᠭᠠᠨ ᠮᠠᠯᠵᠢᠯ ᠤᠨ ᠲᠠᠯᠠᠪᠠᠢ )᠂ 121 ᠭᠠᠴᠠᠭ᠎ᠠ᠂ ᠲᠣᠰᠬᠤᠨ᠂ 801 ᠠᠶᠢᠯ | ᠲᠣᠰᠬᠤᠨ᠂ 14 ᠨᠡᠶᠢᠭᠡᠮ ᠲᠣᠭᠤᠷᠢᠭ ᠪᠣᠯᠤᠨ᠎ᠠ᠃ᠪᠦᠬᠦ ᠬᠤᠰᠢᠭᠤᠨ ᠳᠤ ᠨᠠᠮ ᠤᠨ ᠠᠵᠢᠯ ᠤᠨ ᠬᠤᠷᠢᠶ᠎ᠠ 19᠂ | ᠨᠠᠮ ᠤᠨ ᠶᠡᠷᠦᠩᠬᠡᠢ ᠡᠭᠦᠷ 14᠂ ᠡᠯ᠎ᠡ ᠲᠥᠷᠥᠯ ᠤᠨ ᠨᠠᠮ ᠤᠨ ᠡᠭᠦᠷ 315᠂ ᠨᠠᠮ ᠤᠨ ᠭᠡᠰᠢᠭᠦᠨ 9321 | ᠪᠠᠶᠢᠨ᠎ᠠ᠃ | ( ᠪᠥᠬᠡ ) | | | | ( ᠮᠣᠩᠭᠤᠯ ᠦᠨᠳᠦᠰᠦᠲᠡᠨ ᠤ ᠣᠨᠴᠠᠯᠢᠭᠲᠤ ᠬᠤᠪᠴᠠᠰᠤ ᠵᠠᠰᠠᠯ ) | | | | ( ᠳᠥᠷᠪᠡᠳ ᠬᠤᠰᠢᠭᠤᠨ ᠤ ᠠᠷᠠᠳ ᠲᠦᠮᠡᠨ ᠳᠠᠭᠤᠯᠠᠨ ᠪᠥᠵᠢᠭᠯᠡᠵᠦ ᠥᠯᠵᠡᠶᠢᠲᠦ ᠡᠳᠦᠷ ᠤᠨ ᠪᠠᠶᠠᠷ ᠢ | ᠥᠩᠭᠡᠷᠡᠭᠦᠯᠵᠡᠢ ) | | | | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ |