ᠲᠡᠦᠬᠡ ᠶᠢᠨ ᠤᠯᠠᠷᠢᠯ
ᠨᠡᠶᠢᠲᠡᠯᠡᠭᠰᠡᠨ ᠴᠠᠭ᠄
2023/11/25
    ᠲᠡᠦᠬᠡ ᠶᠢᠨ ᠤᠯᠠᠷᠢᠯ
             ᠳᠥᠷᠪᠡᠳ ᠬᠤᠰᠢᠭᠤ ᠪᠣᠯ ᠥᠨᠢ ᠤᠳᠠᠭᠠᠨ ᠲᠡᠦᠬᠡ ᠲᠠᠢ᠂ ᠠᠯᠢ ᠡᠷᠲᠡ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠳᠤ ᠡᠨᠡ ᠬᠡᠰᠡᠭ ᠥᠩ ᠰᠢᠮᠡᠯᠢᠭ ᠭᠠᠵᠠᠷ ᠰᠢᠷᠣᠢ ᠳᠡᠭᠡᠷ᠎ᠡ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠦᠷᠡᠵᠢᠨ ᠳᠡᠯᠭᠡᠷᠡᠭᠰᠡᠨ ᠪᠠᠶᠢᠨ᠎ᠠ᠃ ᠮᠢᠩ ᠤᠯᠤᠰ ᠤᠨ ᠰᠡᠭᠦᠯᠴᠢ ᠪᠠᠷ ᠴᠢᠩ ᠤᠯᠤᠰ ᠤᠨ ᠴᠡᠷᠢᠭ ᠴᠠᠬᠠᠷ ᠠᠶᠢᠮᠠᠭ ᠤᠨ ᠯᠢᠭᠳᠡᠨ ᠬᠠᠭᠠᠨ ᠢ ᠦᠯᠳᠡᠨ ᠶᠠᠪᠤᠭᠤᠯᠤᠭᠰᠠᠨ ᠤ ᠳᠠᠷᠠᠭ᠎ᠠ ᠡᠨᠡ ᠬᠡᠰᠡᠭ ᠲᠠᠯ᠎ᠠ ᠨᠤᠲᠤᠭ ᠢ ᠴᠢᠩᠭᠢᠰ ᠬᠠᠭᠠᠨ ᠤ ᠳᠡᠭᠦᠦ ᠬᠠᠪᠤᠲᠤ ᠬᠠᠰᠠᠷ ᠤᠨ ᠠᠷᠪᠠᠨ ᠲᠠᠪᠤᠳᠤᠭᠠᠷ ᠦᠶ᠎ᠡ ᠶᠢᠨ ᠠᠴᠢ ᠨᠣᠶᠠᠨᠳᠠᠢ ᠳᠥᠷᠪᠡᠨ ᠬᠥᠪᠡᠭᠦᠨ ᠳᠤ ᠥᠭᠴᠦ ᠵᠠᠬᠢᠷᠴᠢ ᠪᠠᠶᠢᠭᠰᠠᠨ ᠪᠥᠭᠡᠳ ᠡᠭᠦᠨ ᠤ ᠤᠯᠠᠮ‌‍ᠠ᠋ᠴᠠ ᠳᠥᠷᠪᠡᠳ ᠬᠤᠰᠢᠭᠤᠨ ᠤ ᠬᠠᠮᠤᠭ ᠤᠨ ᠡᠷᠲᠡᠨ ᠤ ᠨᠡᠷ᠎ᠡ —ᠳᠥᠷᠪᠡᠨ ᠬᠡᠦᠬᠡᠳ ᠠᠶᠢᠮᠠᠭ ᠪᠣᠢ ᠪᠣᠯᠵᠠᠢ᠃1636 ᠣᠨ ᠳᠤ᠂ ᠳᠥᠷᠪᠡᠳ ᠠᠶᠢᠮᠠᠭ ᠵᠢᠩᠬᠢᠨᠢ ᠪᠠᠷ ᠲᠤᠭ ᠪᠠᠶᠢᠭᠤᠯᠵᠤ᠂ ᠲᠡᠦᠬᠡᠨ ᠳᠤ ᠳᠥᠷᠪᠡᠳ ᠠᠶᠢᠮᠠᠭ ᠤᠨ ᠵᠢᠶᠦ᠋ᠨ ᠸᠠᠩ ᠤᠨ ᠬᠤᠰᠢᠭᠤ ᠭᠡᠵᠦ ᠨᠡᠷᠡᠯᠡᠭᠳᠡᠵᠡᠢ ᠢᠷᠡᠯᠲᠡ᠄  ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2