ᠠᠵᠤ ᠠᠬᠤᠢ ᠶᠢᠨ ᠬᠥᠭᠵᠢᠯᠲᠡ | | | ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠵᠠᠰᠠᠭ ᠤᠨ ᠣᠷᠳᠣᠨ ᠤ | ᠲᠤᠰᠢᠶᠠᠯ ᠤᠨ ᠬᠤᠭᠤᠴᠠᠭ᠎ᠠ ᠳᠥᠷᠪᠡᠨ ᠵᠢᠯ ᠤᠨ ᠲᠣᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠵᠢᠰᠦᠳᠦᠭᠡᠷ ᠶᠡᠭᠡ ᠬᠤᠷᠠᠯ ᠪᠠ ᠠᠷᠪᠠ | ᠵᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠤᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ | ᠡᠭᠦᠷᠭᠡ ᠶᠢᠨ ᠲᠣᠭᠤᠷᠢᠨ ᠳᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠴᠢᠷᠮᠠᠶᠢᠨ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠠᠭᠤᠰᠬᠢᠨ ᠤ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠶᠡᠭᠡ | ᠰᠢᠯᠭᠠᠯᠲᠠ ᠶᠢᠨ ᠳᠤᠮᠳᠠ ᠴᠢᠬᠤᠯᠠ ᠶᠡᠭᠡ ᠢᠯᠠᠯᠲᠠ ᠶᠢ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠪᠠ᠃ | 2023 ᠣᠨ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 63 | ᠳ᠋ᠦ᠋ᠩᠰᠢᠭᠤᠷ ᠲᠥᠭᠦᠷᠢᠭ ᠪᠡᠶᠡᠯᠡᠭᠦᠯᠵᠦ᠂ 2017 ᠣᠨ ᠤ 1.2 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 4. | 7% ᠪᠠᠷ ᠨᠡᠮᠡᠭᠳᠡᠭᠦᠯᠦᠨ᠎ᠡ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 24 ᠳ᠋ᠦ᠋ᠩᠰᠢᠭᠤᠷ | ᠲᠥᠭᠦᠷᠢᠭ ᠲᠤ ᠬᠦᠷᠭᠡᠵᠦ᠂ 2017 ᠣᠨ ᠤ 1.6 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 4% ᠪᠠᠷ | ᠨᠡᠮᠡᠭᠳᠡᠭᠦᠯᠦᠨ᠎ᠡ ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 2.1 ᠳ᠋ᠦ᠋ᠩᠰᠢᠭᠤᠷ | ᠲᠥᠭᠦᠷᠢᠭ ᠲᠤ ᠬᠦᠷᠴᠦ᠂ 2017 ᠣᠨ ᠤ 2.2 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 17.4% ᠪᠠᠷ | ᠨᠡᠮᠡᠭᠳᠡᠪᠡ ᠂ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 17.39 | ᠳ᠋ᠦ᠋ᠩᠰᠢᠭᠤᠷ ᠲᠥᠭᠦᠷᠢᠭ ᠲᠤ ᠬᠦᠷᠴᠦ᠂ 2017 ᠣᠨ ᠤ 1.1 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 2. | 3% ᠪᠠᠷ ᠨᠡᠮᠡᠭᠳᠡᠪᠡ ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 32786 ᠲᠥᠭᠦᠷᠢᠭ ᠪᠠᠶᠢᠵᠤ᠂ 2017 ᠣᠨ ᠤ 1.2 ᠳᠠᠬᠢᠨ ᠪᠣᠯᠵᠤ᠂ ᠵᠢᠯ ᠪᠦᠷᠢ | ᠳᠤᠮᠳᠠᠴᠢ ᠪᠠᠷ 5.1% ᠪᠠᠷ ᠨᠡᠮᠡᠭᠳᠡᠪᠡ ᠃ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ | ᠣᠷᠣᠯᠭ᠎ᠠ 14207 ᠲᠥᠭᠦᠷᠢᠭ ᠪᠠᠶᠢᠵᠤ᠂ 2017 ᠣᠨ ᠤ 1.4 ᠳᠠᠬᠢᠨ ᠪᠠᠶᠢᠵᠤ᠂ ᠵᠢᠯ ᠪᠦᠷᠢ ᠳᠤᠮᠳᠠᠴᠢ ᠪᠠᠷ | 9.3% ᠪᠠᠷ ᠨᠡᠮᠡᠭᠳᠡᠪᠡ ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 27᠄ 33.6᠄ 39.4 | ᠪᠠᠶᠢᠭᠰᠠᠨ ᠠᠴᠠ ᠪᠠᠨ ᠲᠣᠬᠢᠷᠠᠭᠤᠯᠤᠭᠳᠠᠭᠠᠳ 29.8᠄ 31.7᠄ 38.5 ᠪᠣᠯᠵᠤ᠂ ᠠᠵᠤ ᠦᠢᠯᠡᠰ ᠤᠨ | ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ | ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ | ᠠᠬᠢᠭᠤᠯᠵᠤ᠂ ᠠᠵᠤ ᠦᠢᠯᠡᠰᠵᠢᠯᠲᠡ᠂ ᠬᠡᠪᠴᠢᠶᠡᠵᠢᠯᠲᠡ᠂ ᠡᠷᠴᠢᠮᠵᠢᠯᠲᠡ ᠶᠢᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ᠲᠠᠷᠢᠮᠠᠯ ᠤᠨ ᠲᠠᠷᠢᠬᠤ ᠲᠠᠯᠠᠪᠠᠢ ᠶᠢ 188 ᠲᠦᠮᠡᠨ ᠮᠦ ᠳᠤ ᠲᠣᠭᠲᠠᠪᠤᠷᠢᠵᠢᠭᠤᠯᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 27.9 ᠲᠦᠮᠡᠨ ᠮᠦ ᠪᠠᠶᠢᠭᠤᠯᠤᠨ᠂ ᠠᠮᠤ ᠪᠤᠳᠠᠭᠠᠨ ᠤ | ᠬᠤᠷᠢᠶᠠᠯᠲᠠ ᠶᠢ ᠵᠢᠯ ᠪᠦᠷᠢ ᠳᠤᠮᠳᠠᠴᠢ ᠪᠠᠷ 5 ᠳ᠋ᠦ᠋ᠩᠰᠢᠭᠤᠷ ᠵᠢᠩ ᠳᠤ ᠬᠦᠷᠭᠡᠪᠡ᠃ ᠲᠥᠮᠥᠰᠥ᠂ ᠢᠳᠡᠰᠢᠨ ᠬᠤᠨᠢ | ᠭᠤᠣᠯᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠲᠥᠮᠥᠰᠥ ᠲᠠᠷᠢᠬᠤ ᠲᠠᠯᠠᠪᠠᠢ ᠶᠢ 51 ᠲᠦᠮᠡᠨ ᠮᠦ | ᠣᠷᠴᠢᠮ ᠳᠤ ᠲᠣᠭᠲᠠᠪᠤᠷᠢᠵᠢᠭᠤᠯᠵᠤ᠂ ᠲᠥᠮᠦᠰᠦᠨ ᠤ ᠪᠡᠶ᠎ᠡ ᠪᠠᠨ ᠳᠠᠭᠠᠭᠠᠭᠰᠠᠨ ᠰᠢᠨ᠎ᠡ ᠡᠭᠦᠯᠳᠡᠷ ᠢ 6 ᠶᠢ | ᠪᠡᠶᠡᠯᠡᠭᠦᠯᠵᠦ᠂ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ | ᠤᠯᠤᠰ ᠤᠨ ᠳᠡᠰ ᠤᠨ ᠲᠥᠮᠥᠰᠥ ᠶᠢᠨ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ | ᠠᠮᠵᠢᠯᠲᠠ ᠲᠠᠢ ᠡᠭᠦᠳᠦᠨ ᠪᠠᠶᠢᠭᠤᠯᠤᠨ᠎ᠠ᠃ᠮᠠᠯ ᠤᠨ ᠭᠠᠷᠭᠠᠯᠲᠠ ᠶᠢ ᠬᠤᠣᠰ ᠳᠡᠭᠡᠭᠰᠢᠯᠡᠯᠲᠡ ᠲᠠᠢ ᠪᠣᠯᠭᠠᠵᠤ᠂ | 260 ᠲᠦᠮᠡᠨ ᠲᠤᠭ᠎ᠠ ᠲᠣᠯᠣᠭᠠᠢ ᠮᠠᠯ ᠲᠡᠵᠢᠭᠡᠪᠦᠷᠢ ᠶᠢ ᠲᠣᠭᠲᠠᠭᠤᠨ ᠪᠠᠶᠢᠯᠭᠠᠨ᠂ ᠵᠢᠯ ᠳᠤ 130 ᠲᠦᠮᠡᠨ | ᠢᠳᠡᠰᠢᠨ ᠬᠤᠨᠢ᠂ 2 ᠲᠦᠮᠡᠨ ᠲᠣᠯᠣᠭᠠᠢ ᠠᠯᠠᠰᠢᠨ ᠦᠬᠡᠷ ᠪᠣᠷᠣᠯᠠᠭᠤᠯᠤᠨ ᠬᠤᠳᠠᠯᠳᠤᠬᠤ ᠶᠢ ᠪᠡᠶᠡᠯᠡᠭᠦᠯᠦᠨ᠎ᠡ᠃《 | ᠳ᠋ᠦ᠋ ᠮᠧᠩ ᠶᠠᠩ 》 ᠶᠢᠨ ᠣᠷᠣᠨ ᠨᠤᠲᠤᠭ ᠤᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠬᠢᠨᠠᠨ | ᠲᠣᠭᠲᠠᠭᠠᠯᠲᠠ ᠶᠢ ᠥᠩᠭᠡᠷᠡᠭᠡᠵᠦ᠂ ᠵᠢᠯ ᠪᠦᠷᠢ ᠳᠤᠮᠳᠠᠴᠢ ᠪᠠᠷ 35 ᠲᠦᠮᠡᠨ ᠲᠣᠯᠣᠭᠠᠢ ᠡᠭᠦᠯᠳᠡᠷ | ᠰᠠᠶᠢᠵᠢᠷᠠᠭᠤᠯᠤᠭᠰᠠᠨ ᠪᠠᠶᠢᠨ᠎ᠠ᠃ ᠵᠦᠩ ᠵᠢᠶᠠ᠂ ᠰᠢᠨ ᠢᠦ᠋ᠢ᠂ ᠰᠠᠢ ᠨᠦᠸᠧ ᠪᠡᠶ᠎ᠡ ᠳᠠᠭᠠᠭᠰᠠᠨ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠢ ᠮᠢᠩ ᠲᠥᠮᠥᠰᠥ | ᠨᠠᠷᠢᠯᠢᠭ ᠴᠠᠷᠳᠠᠭᠤᠯ ᠪᠣᠯᠪᠠᠰᠤᠷᠠᠭᠤᠯᠬᠤ᠂ ᠦᠬᠡᠷ ᠬᠤᠨᠢᠨ ᠮᠢᠬ᠎ᠠ ᠨᠢᠲᠤᠯᠵᠤ ᠪᠣᠯᠪᠠᠰᠤᠷᠠᠭᠤᠯᠬᠤ᠂ ᠢᠳᠡᠰᠢᠨ | ᠬᠤᠨᠢ ᠪᠣᠷᠳᠣᠨ ᠲᠠᠷᠭᠤᠯᠠᠭᠤᠯᠬᠤ ᠲᠠᠯᠠᠪᠠᠢ ᠪᠠ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠨᠢᠭᠡ | ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠬᠤᠶᠢᠨ᠎ᠠ ᠠᠴᠠ | ᠪᠠᠨ ᠨᠠᠶᠢᠳᠠᠪᠤᠷᠢᠵᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠥᠷᠥᠯ ᠵᠦᠢᠯ ᠤᠨ | ᠰᠤᠳᠤᠯᠤᠨ ᠨᠡᠭᠡᠭᠡᠬᠦ᠂ ᠦᠢᠯᠡᠳᠪᠦᠷᠢᠯᠡᠨ ᠪᠣᠯᠪᠠᠰᠤᠷᠠᠭᠤᠯᠬᠤ᠂ ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ | ᠴᠢᠳᠠᠪᠤᠷᠢ ᠯᠠᠪᠳᠠᠭᠤᠨ ᠢᠶᠠᠷ ᠳᠡᠭᠡᠭᠰᠢᠯᠡᠪᠡ᠃ ᠠᠵᠤ ᠦᠢᠯᠡᠳᠪᠦᠷᠢ ᠶᠢᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠲᠠᠪᠰᠢᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢ ᠤᠯᠠᠮᠵᠢᠯᠠᠯᠲᠤ ᠠᠵᠤ | ᠦᠢᠯᠡᠦᠨᠪᠦᠷᠢᠵᠢᠲᠡᠨ ᠠᠴᠠ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠵᠠᠮ ᠳᠠᠰᠢ ᠬᠤᠪᠢᠷᠠᠭᠤᠯᠵᠤ᠂ | ᠴᠡᠪᠡᠷ ᠡᠨᠧᠷᠭᠢ ᠪᠠᠷ ᠭᠤᠣᠯ ᠪᠣᠯᠭᠠᠭᠰᠠᠨ᠂ ᠬᠢᠮᠢ ᠶᠢᠨ ᠠᠵᠤ ᠦᠢᠯᠡᠳᠪᠦᠷᠢ ᠵᠢᠴᠢ ᠠᠭᠤᠷᠬᠠᠢ ᠶᠢᠨ ᠭᠠᠷᠤᠯᠲᠠ ᠶᠢ | ᠮᠠᠯᠲᠠᠵᠤ ᠰᠣᠩᠭᠤᠬᠤ ᠪᠠᠷ ᠬᠠᠪᠰᠤᠷᠤᠮᠵᠢ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ | ᠠᠩᠬ᠎ᠠ ᠠᠯᠬᠤᠮ ᠪᠣᠢ ᠪᠣᠯᠭᠠᠨ᠎ᠠ᠃ ᠴᠡᠪᠡᠷ ᠡᠨᠧᠷᠭᠢ ᠶᠢᠨ ᠬᠥᠭᠵᠢᠯᠲᠡ ᠦᠳᠲᠡᠷ ᠲᠦᠷᠭᠡᠨ᠂ ᠤᠯᠤᠰ ᠤᠨ | ᠴᠠᠬᠢᠯᠭᠠᠨ ᠤ ᠪᠡᠯᠡ ᠣᠷᠣᠭᠤᠯᠤᠯᠲᠠ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠵᠢᠱᠢᠶ᠎ᠡ | ᠦᠵᠡᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠤᠷᠪᠠᠨ ᠬᠠᠪᠴᠢᠯ ᠤᠨ | ᠡᠨᠧᠷᠭᠢ ᠶᠢᠨ ᠲᠣᠣᠷ ᠤᠨ ᠬᠠᠳᠠᠭᠠᠯᠠᠮᠵᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠰᠠᠯᠬᠢᠨ | ᠬᠦᠴᠦᠨ ᠤ ᠴᠠᠬᠢᠯᠭᠠᠨ ᠢ ᠲᠣᠣᠷ ᠲᠤ ᠨᠡᠶᠢᠯᠡᠭᠦᠯᠦᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 159 ᠲᠦᠮᠡᠨ | ᠺᠢᠯᠣᠸᠠᠲ ᠲᠤ ᠬᠦᠷᠴᠦ᠂ ᠮᠢᠩᠭᠠᠨ ᠲᠦᠮᠡᠨ ᠺᠢᠯᠣᠸᠠᠲ ᠤᠨ ᠳᠡᠰ ᠤᠨ ᠴᠡᠪᠡᠷ ᠡᠨᠧᠷᠭᠢ ᠶᠢᠨ ᠭᠠᠳᠠᠭᠰᠢ ᠭᠠᠷᠭᠠᠬᠤ | ᠰᠠᠭᠤᠷᠢᠨ ᠭᠠᠵᠠᠷ ᠢ ᠴᠣᠭᠴᠠᠯᠠᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠠᠵᠤ ᠦᠢᠯᠡᠳᠪᠦᠷᠢ ᠶᠢᠨ | ᠲᠣᠭᠤᠷᠢᠭ ᠤᠨ ᠰᠠᠭᠤᠷᠢ ᠪᠡᠯᠡᠳᠬᠡᠮᠵᠢ ᠠᠯᠬᠤᠮ ᠠᠯᠬᠤᠮ ᠢᠶᠠᠷ ᠲᠡᠭᠦᠯᠳᠡᠷᠵᠢᠵᠦ᠂ 《 ᠨᠢᠭᠡ ᠬᠦᠷᠢᠶᠡᠯᠡᠩ ᠭᠤᠷᠪᠠᠨ | ᠲᠣᠭᠤᠷᠢᠭ 》 ᠤᠨ ᠣᠷᠣᠨ ᠵᠠᠢ ᠶᠢᠨ ᠪᠠᠶᠢᠷᠢᠰᠢᠭᠤᠯᠤᠯᠲᠠ ᠦᠨᠳᠦᠰᠦᠨ ᠳᠡᠭᠡᠨ ᠪᠦᠷᠢᠯᠳᠦᠪᠡ᠃ᠶᠦᠩ ᠾᠧ | ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠨᠢᠭᠡ ᠾᠯᠣᠷᠲᠤ ᠮᠧᠲ᠋ᠠᠨ᠂ ᠬᠤᠶᠠᠷ ᠹᠯᠤᠷᠳᠤ ᠡᠲ᠋ᠠᠨ ᠵᠡᠷᠭᠡ 10 | ᠦᠢᠯᠡᠳᠬᠦᠨ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠵᠤ᠂ ᠬᠠᠶᠢᠯᠤᠭᠤᠷ ᠵᠣᠩᠰᠢ ᠶᠢᠨ ᠡᠬᠢ | ᠪᠠᠶᠠᠯᠢᠭ ᠢ ᠨᠡᠭᠡᠭᠡᠨ ᠪᠣᠯᠪᠠᠰᠤᠷᠠᠭᠤᠯᠬᠤ ᠠᠵᠢᠯ ᠠᠯᠬᠤᠮ ᠠᠯᠬᠤᠮ ᠢᠶᠠᠷ ᠥᠨᠳᠥᠷ ᠳᠡᠰ ᠵᠦᠭ ᠠᠬᠢᠵᠤ ᠪᠠᠶᠢᠨ᠎ᠠ᠃ | ᠵᠢᠩ ᠰᠢᠨ᠂ ᠠᠷᠭᠧ᠂ ᠨᠣᠭᠤᠭᠠᠨ ᠣᠷᠴᠢᠯ᠂ ᠰᠧ ᠷᠦᠢ ᠰᠢᠨᠵᠢᠯᠡᠭᠡ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ | ᠳᠤᠮᠳᠠ ᠵᠢᠵᠢᠭ ᠠᠵᠤ ᠠᠬᠤᠶᠢᠯᠠᠯ ᠠᠭᠠᠵᠢᠮ ᠢᠶᠠᠷ ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠪᠡ᠃ᠦᠢᠯᠡᠴᠢᠯᠡᠭᠡᠨ ᠤ ᠦᠢᠯᠡᠰ ᠥᠷᠨᠢᠨ | ᠬᠥᠭᠵᠢᠪᠡ᠃ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠡᠯᠧᠺᠳ᠋ᠷᠣᠨ ᠬᠤᠳᠠᠯᠳᠤᠭ᠎ᠠ ᠵᠡᠷᠭᠡ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠵᠤ᠂ ᠠᠭᠠᠵᠢᠮ ᠢᠶᠠᠷ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠵᠠᠢ᠃ ᠵᠤᠭᠠᠴᠠᠯ ᠤᠨ ᠰᠠᠭᠤᠷᠢ ᠲᠥᠬᠦᠭᠡᠷᠦᠮᠵᠢ ᠶᠢ | ᠲᠠᠰᠤᠷᠠᠯᠲᠠ ᠥᠬᠡᠢ ᠪᠦᠷᠢᠡᠰᠢᠬᠦᠯᠵᠤ᠂ ᠬᠡᠬᠡᠨᠲᠠᠯᠠ ᠶᠢᠨ ᠦᠵᠡᠮᠵᠢ ᠶᠢᠨ ᠣᠷᠣᠨ ᠢ ᠥᠭᠡᠷᠡᠴᠢᠯᠡᠨ ᠪᠠᠶᠢᠭᠤᠯᠬᠤ᠂ | 《 ᠬᠤᠪᠢᠯᠭᠠᠨ ᠵᠠᠪᠢ 》 ᠵᠤᠭᠠᠴᠠᠯ ᠤᠨ ᠶᠡᠷᠦᠩᠬᠡᠶᠢᠯᠡᠭᠰᠡᠨ ᠴᠣᠭᠴᠠ᠂ ᠬᠤᠩᠭᠤᠷᠭᠤ ᠶᠢᠨ ᠣᠨᠴᠠᠯᠢᠭᠲᠤ ᠵᠢᠵᠢᠭ | ᠪᠠᠯᠭᠠᠰᠤ᠂ ᠤᠯᠤᠰ ᠤᠨ ᠳᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠠᠯᠢ ᠣᠯᠠᠨ ᠭᠤᠣᠯᠳᠠᠯᠭ᠎ᠠ ᠲᠠᠢ | ᠰᠣᠶᠣᠯ ᠵᠤᠭᠠᠴᠠᠯ ᠤᠨ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠪᠡ᠃ ᠵᠢᠭᠤᠯᠴᠢᠯᠠᠯ ᠤᠨ ᠨᠠᠭᠠᠳᠤᠮ᠂ ᠳᠠᠭᠤᠤ | ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ ᠨᠢᠰᠦᠯᠲᠡ ᠶᠢᠨ ᠶᠡᠭᠡ ᠬᠤᠷᠠᠯ᠂ ᠪᠤᠬ᠎ᠠ ᠲᠡᠷᠭᠡ ᠶᠢᠨ ᠵᠢᠶᠠ | ᠨᠢᠶᠠᠨ ᠬᠤᠸᠠ ᠵᠡᠷᠭᠡ ᠨᠢᠭᠡ ᠪᠦᠯᠦᠭ ᠰᠣᠶᠣᠯ ᠵᠢᠭᠤᠯᠴᠢᠯᠠᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ | ᠵᠢᠭᠤᠯᠴᠢᠯᠠᠭᠴᠢᠳ ᠤᠨ ᠬᠥᠮᠦᠨ ᠤ ᠲᠤᠭ᠎ᠠ ᠪᠣᠯᠤᠨ ᠵᠢᠭᠤᠯᠴᠢᠯᠠᠯ ᠤᠨ ᠣᠷᠣᠯᠭ᠎ᠠ 2017 ᠣᠨ ᠤ ᠵᠢᠯ ᠤᠨ | ᠰᠡᠭᠦᠯᠴᠢ ᠶᠢᠨ ᠬᠢ ᠠᠴᠠ ᠲᠤᠰ ᠲᠤᠰ 18.5%᠂ 29.4% ᠨᠡᠮᠡᠭᠳᠡᠪᠡ᠃ ᠭᠦᠡᠡ ᠭᠦᠢᠯᠭᠡᠭᠡᠨ ᠤ ᠬᠦᠷᠢᠶᠡᠯᠡᠩ | ᠲᠣᠭᠤᠷᠢᠭ ᠨᠢ ᠬᠤᠳᠠᠯᠳᠤᠭᠠᠴᠢᠨ ᠤᠷᠢᠬᠤ ᠨᠥᠬᠦᠴᠡᠯ ᠢ ᠪᠦᠷᠢᠯᠳᠦᠭᠦᠯᠵᠦ᠃ ᠱᠠᠩᠬᠠᠢ ᠶᠢᠨ ᠹᠦ ᠵᠢᠶᠠ ᠬᠡᠳᠦ | ᠳᠡᠯᠭᠡᠭᠦᠷ ᠢ ᠠᠮᠵᠢᠯᠲᠠ ᠲᠠᠢ ᠪᠠᠷ ᠤᠷᠢᠨ ᠣᠷᠣᠭᠤᠯᠵᠤ᠂ ᠮᠠᠨ ᠤ ᠬᠤᠰᠢᠭᠤᠨ ᠳᠤ ᠰᠠᠭᠤᠷᠢᠰᠢᠭᠰᠠᠨ ᠪᠠᠶᠢᠨ᠎ᠠ᠃ | ᠤᠯᠤᠰ ᠤᠨ ᠳᠡᠰ ᠤᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ | ᠦᠵᠡᠭᠦᠯᠬᠦ ᠲᠥᠷᠥᠯ ᠵᠦᠢᠯ ᠮᠡᠳᠡᠭᠳᠡᠮ᠎ᠡ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠪᠦᠷᠬᠦᠴᠡ ᠶᠢᠨ ᠨᠣᠷᠮ᠎ᠠ 91.7% ᠳᠤ ᠬᠦᠷᠴᠦ᠂ ᠡᠯᠧᠺᠳ᠋ᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠲᠤᠭ᠎ᠠ 18.6 ᠳ᠋ᠦ᠋ᠩᠰᠢᠭᠤᠷ ᠲᠥᠭᠦᠷᠢᠭ ᠲᠤ ᠬᠦᠷᠪᠡ᠃ ᠭᠠᠳᠠᠭᠠᠳᠤ ᠠᠷᠠᠯᠵᠢᠶᠠᠨ ᠤ | ᠭᠠᠳᠠᠭᠠᠳᠤ ᠭᠠᠷᠭᠠᠯᠲᠠ ᠨᠢᠭᠡ ᠴᠦ ᠰᠢᠪᠲᠤᠯᠤᠯᠲᠠ ᠶᠢ ᠪᠡᠶᠡᠯᠡᠭᠦᠯᠵᠦ᠂ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠲᠤᠭ᠎ᠠ ᠨᠡᠶᠢᠲᠡ 8118.7 ᠲᠦᠮᠡᠨ ᠳ᠋ᠣᠯᠯᠠᠷ ᠲᠤ ᠬᠦᠷᠪᠡ᠃ | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ |