ᠭᠠᠵᠠᠷ ᠵᠦᠢ ᠶᠢᠨ ᠪᠠᠶᠢᠷᠢᠯᠠᠯ
ᠨᠡᠶᠢᠲᠡᠯᠡᠭᠰᠡᠨ ᠴᠠᠭ᠄
2023/11/25
          ᠭᠠᠵᠠᠷ ᠵᠦᠢ ᠶᠢᠨ ᠪᠠᠶᠢᠷᠢᠯᠠᠯ             ᠳᠥᠷᠪᠡᠳ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠤᠯᠠᠭᠠᠨᠴᠠᠪ ᠬᠤᠲᠠ ᠶᠢᠨ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠤᠷᠲᠤᠷᠢᠭ ᠤᠨ 110°20'—— 113°00′ ᠳᠤ ᠬᠦᠷᠴᠦ᠂ ᠤᠮᠠᠷᠠᠲᠤ ᠥᠷᠭᠡᠷᠢᠭ ᠤᠨ 41°10′—43°22′ ᠳᠤ ᠪᠠᠶᠢᠷᠢᠯᠠᠵᠤ᠂ ᠵᠡᠭᠦᠨ ᠬᠢᠵᠠᠭᠠᠷ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤ᠂ ᠪᠠᠷᠠᠭᠤᠨ ᠲᠠᠯ᠎ᠠ ᠪᠠᠷ ᠢᠶᠠᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠡᠮᠦᠨ᠎ᠡ ᠲᠠᠯ᠎ᠠ ᠪᠠᠷ ᠢᠶᠠᠨ ᠵᠦᠸᠧᠽᠢ ᠰᠢᠶᠠᠨ᠂ ᠬᠥᠬᠡᠬᠤᠲᠠ ᠶᠢᠨ ᠦᠴᠦᠸᠠᠨ ᠰᠢᠶᠠᠨ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠤᠷᠲᠤ ᠨᠢ 104 ᠺᠢᠯᠣᠮᠧᠳ᠋ᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ 33 ᠴᠣᠯ ᠮᠠᠯᠵᠢᠬᠤ ᠬᠤᠰᠢᠭᠤ ᠰᠢᠶᠠᠨ ᠤ ᠨᠢᠭᠡ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ 19 ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠬᠤᠰᠢᠭᠤ ᠰᠢᠶᠠᠨ ᠤ ᠨᠢᠭᠡ ᠪᠣᠯᠤᠨ᠎ᠠ᠃             ᠪᠦᠬᠦ ᠬᠤᠰᠢᠭᠤᠨ ᠤ ᠶᠡᠷᠦᠩᠬᠡᠢ ᠲᠠᠯᠠᠪᠠᠢ 25513 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠤᠯᠠᠭᠠᠨᠴᠠᠪ ᠬᠤᠲᠠ ᠶᠢᠨ ᠶᠡᠷᠦᠩᠬᠡᠢ ᠲᠠᠯᠠᠪᠠᠢ ᠶᠢᠨ 46% ᠶᠢ ᠡᠵᠡᠯᠡᠵᠦ᠂ ᠡᠭᠦᠨ ᠳᠤ ᠮᠠᠯᠵᠢᠬᠤ ᠣᠷᠣᠨ 20843 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠪᠦᠬᠦ ᠬᠤᠰᠢᠭᠤᠨ ᠤ ᠶᠡᠷᠦᠩᠬᠡᠢ ᠲᠠᠯᠠᠪᠠᠢ ᠶᠢᠨ 81.7% ᠶᠢ ᠡᠵᠡᠯᠡᠵᠦ ᠪᠣᠢ᠃ ᠨᠡᠶᠢᠲᠡ ᠬᠥᠮᠦᠨ ᠠᠮᠠ ᠨᠢ 2.16 ᠮᠢᠩᠭ᠎ᠠ᠂ ᠪᠠᠶᠢᠩᠭᠤ ᠣᠷᠣᠰᠢᠨ ᠰᠠᠭᠤᠭᠴᠢ ᠨᠢ 12.9 ᠮᠢᠩᠭ᠎ᠠ᠂ ᠬᠥᠳᠡᠭᠡ ᠠᠵᠤ ᠠᠬᠤᠢ ᠶᠢᠨ ᠨᠤᠲᠤᠭ ᠲᠤ ᠪᠠᠶᠢᠩᠭᠤ ᠣᠷᠣᠰᠢᠨ ᠰᠠᠭᠤᠭᠴᠢ ᠳᠠᠪᠬᠤᠷᠳᠠᠭᠰᠠᠨ ᠲᠤᠭ᠎ᠠ ᠪᠠᠷ 29 ᠮᠢᠩᠭ᠎ᠠ 6.4 ᠮᠢᠩᠭ᠎ᠠ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 14 ᠦᠨᠳᠦᠰᠦᠲᠡᠨ ᠤ ᠣᠷᠣᠰᠢᠨ ᠰᠠᠭᠤᠳᠠᠭ ᠪᠥᠭᠡᠳ ᠡᠭᠦᠨ ᠳᠤ ᠮᠣᠩᠭᠤᠯ ᠦᠨᠳᠦᠰᠦᠲᠡᠨ ᠤ ᠬᠥᠮᠦᠨ ᠠᠮᠠ 1.9 ᠮᠢᠩᠭ᠎ᠠ ᠪᠠᠶᠢᠨ᠎ᠠ᠃            ᠲᠤᠰ ᠤᠯᠤᠰ ᠤᠨ ᠬᠢᠯᠢ ᠳᠤ᠂ ᠬᠤᠪᠢᠯᠭᠠᠨ ᠵᠠᠪᠢ ᠰᠢᠷᠢᠰ ᠨᠢᠰᠬᠦ ᠣᠩᠭᠤᠴᠠ ᠶᠢᠨ ᠭᠤᠣᠯ ᠪᠠᠭᠤᠬᠤ ᠲᠠᠯᠠᠪᠠᠢ᠂ ᠪᠦᠬᠦ ᠴᠡᠷᠢᠭ ᠤᠨ ᠴᠣᠷ ᠤᠨ ᠭᠠᠭᠴᠠ ᠬᠠᠭᠤᠷᠠᠢ ᠵᠠᠮ ᠤᠨ ᠴᠡᠷᠢᠭ ᠤᠨ ᠬᠠᠮᠲᠤᠷᠠᠭᠰᠠᠨ ᠪᠠᠶᠢᠯᠳᠤᠭᠠᠨ ᠤ ᠲᠤᠷᠰᠢᠯᠲᠠ ᠶᠢᠨ ᠲᠠᠯᠠᠪᠠᠢ ᠪᠣᠯᠬᠤ ᠵᠦᠷᠢ ᠪᠣᠯᠤᠨ ᠭᠡᠷ᠎ᠡ ᠶᠢᠨ ᠪᠠᠶᠢᠯᠳᠤᠬᠤ ᠠᠷᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ᠴᠢᠬᠤᠯᠠ ᠡᠭᠦᠷᠭᠡ ᠶᠢ ᠡᠭᠦᠷᠭᠡᠯᠡᠵᠦ ᠪᠣᠢ ᠃《 ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠳᠤ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠢᠭᠡᠴᠡ 》᠂ 《 ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ 》᠂ 《 ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠰᠢᠭᠤ ᠰᠢᠶᠠᠩ 》᠂ 《 ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠳᠥᠷᠪᠡᠨ ᠰᠠᠶᠢᠨ ᠵᠠᠮ ᠤᠨ ᠵᠢᠱᠢᠶ᠎ᠡ ᠦᠵᠡᠭᠦᠯᠬᠦ ᠬᠤᠰᠢᠭᠤ 》᠂ 《 ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠭᠦᠯᠬᠦ ᠬᠤᠰᠢᠭᠤ 》᠂ 《 ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ 》 ᠵᠡᠷᠭᠡ ᠢᠷᠠᠭᠤ ᠠᠯᠳᠠᠷ ᠢ ᠤᠷᠢᠳ ᠬᠤᠵᠢᠳ ᠬᠦᠷᠲᠡᠪᠡ ᠢᠷᠡᠯᠲᠡ᠄  ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2