ᠬᠤᠪᠢᠯᠭᠠᠨ ᠣᠩᠭᠤᠴᠠᠨ ᠤ ᠭᠤᠣᠯ ᠪᠠᠭᠤᠯᠲᠠ ᠶᠢᠨ ᠲᠠᠯᠠᠪᠠᠢ | | | | | | | | | ᠳᠥᠷᠪᠡᠳ ᠬᠤᠰᠢᠭᠤ ᠪᠣᠯ 《 ᠬᠤᠪᠢᠯᠭᠠᠨ ᠵᠠᠪᠢ 》 ᠶᠢᠨ ᠰᠠᠨᠰᠠᠷ ᠤᠨ ᠣᠩᠭᠤᠴᠠᠨ ᠤ ᠭᠤᠣᠯ ᠪᠠᠭᠤᠬᠤ | ᠲᠠᠯᠠᠪᠠᠢ ᠪᠣᠯᠤᠨ᠎ᠠ᠂ 1999 ᠣᠨ ᠤ 11 ᠰᠠᠷ᠎ᠠ ᠶᠢᠨ 20 ᠤ ᠡᠳᠦᠷ ᠬᠤᠪᠢᠯᠭᠠᠨ ᠣᠩᠭᠤᠴᠠ ᠨᠢᠭᠡᠳᠦᠭᠡᠷᠡᠴᠡ 2013 | ᠣᠨ ᠤ 6 ᠰᠠᠷ᠎ᠠ ᠶᠢᠨ 26 ᠤ ᠡᠳᠦᠷ ᠬᠤᠪᠢᠯᠭᠠᠨ ᠣᠩᠭᠤᠴᠠ ᠠᠷᠪᠠᠳᠤᠭᠠᠷ ᠬᠥᠮᠦᠨ ᠰᠠᠭᠤᠯᠭᠠᠭᠰᠠᠨ ᠰᠠᠨᠰᠠᠷ ᠤᠨ ᠨᠢᠰᠬᠦ | ᠣᠩᠭᠤᠴᠠᠨ ᠤ ᠲᠤᠷᠰᠢᠯᠲᠠ ᠶᠢᠨ ᠪᠤᠴᠠᠭᠠᠨ ᠠᠪᠬᠤ ᠡᠭᠦᠷᠭᠡ ᠲᠡᠭᠦᠰ ᠠᠮᠵᠢᠯᠲᠠ ᠣᠯᠤᠭᠰᠠᠨ ᠠᠴᠠ᠂ ᠶᠠᠩ ᠯᠢ ᠸᠧᠢ᠂ | ᠹᠧᠢ ᠵᠢᠶᠦ᠋ᠨ ᠯᠦᠩ᠂ ᠨᠢᠶᠧ ᠬᠠᠢ ᠱᠧᠩ᠂ ᠯᠢᠦ ᠪᠦᠸᠧ ᠮᠢᠩ᠂ ᠵᠢᠩ ᠬᠠᠢ ᠫᠧᠩ᠂ ᠯᠢᠦ ᠸᠠᠩ᠂ ᠵᠠᠩ ᠰᠢᠶᠣᠤ ᠭᠤᠸᠠᠩ | ᠂ ᠯᠢᠦ ᠶᠠᠩ᠂ ᠸᠠᠩ ᠶᠠ ᠫᠢᠩ ᠵᠡᠷᠭᠡ ᠰᠠᠨᠰᠠᠷᠴᠢᠨ ᠵᠠᠢ ᠠᠨ ᠰᠧ ᠽᠢ ᠸᠠᠩ ᠤᠨ ᠬᠤᠰᠢᠭᠤᠨ ᠳᠤ ᠪᠤᠴᠠᠵᠤ ᠢᠷᠡᠭᠰᠡᠨ | ᠡᠨᠡ ᠬᠣ ᠭᠠᠶᠢᠬᠠᠮᠰᠢᠭᠲᠤ ᠲᠠᠯ᠎ᠠ ᠨᠤᠲᠤᠭ ᠨᠢ ᠳᠤᠮᠳᠠᠳᠤ ᠤᠯᠤᠰ ᠤᠨ ᠬᠥᠮᠦᠨ ᠠᠴᠢᠶᠠᠯᠠᠭᠰᠠᠨ ᠰᠠᠨᠰᠠᠷ ᠤᠨ ᠠᠶᠠᠯᠠᠯ ᠤᠨ | ᠢᠨᠵᠧᠨᠧᠷᠢᠩ ᠤᠨ ᠵᠠᠭᠤᠨ ᠵᠢᠯ ᠤᠨ 《 ᠳᠤᠮᠳᠠᠳᠤ ᠤᠯᠤᠰ ᠤᠨ ᠬᠦᠰᠡᠯ 》 ᠤᠨ ᠴᠢᠬᠤᠯᠠ ᠶᠡᠭᠡ ᠰᠢᠪᠲᠤᠯᠤᠯᠲᠠ ᠲᠠᠢ | ᠪᠣᠯᠤᠭᠰᠠᠨ ᠢ ᠬᠠᠷᠠᠭᠤᠯᠵᠤ ᠪᠣᠢ᠃ᠬᠤᠪᠢᠯᠭᠠᠨ ᠣᠩᠭᠤᠴᠠ ᠨᠢᠰᠬᠦ ᠣᠩᠭᠤᠴᠠ ᠶᠢᠨ ᠬᠤᠷᠢᠶᠠᠨ ᠠᠪᠬᠤ ᠠᠵᠢᠯ ᠳᠤ | ᠳᠥᠭᠦᠮ ᠦᠵᠡᠭᠦᠯᠬᠦ ᠶᠢᠨ ᠲᠥᠯᠥᠭᠡ᠂ ᠳᠥᠷᠪᠡᠳ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠯᠠᠭᠠᠨᠬᠤᠸᠠ | ᠪᠠᠯᠭᠠᠰᠣᠨ ᠠᠴᠠ ᠬᠤᠩᠭᠤᠷ ᠰᠤᠮᠤ ᠬᠦᠷᠬᠦ ᠱᠧᠨ ᠵᠧᠦ ᠵᠠᠮ ᠢ ᠪᠠᠶᠢᠭᠤᠯᠵᠤ᠂ ᠬᠤᠪᠢᠯᠭᠠᠨ ᠣᠩᠭᠤᠴᠠ ᠡᠭᠡᠭᠦᠯᠦᠨ | ᠬᠤᠷᠢᠶᠠᠬᠤ ᠭᠠᠵᠠᠷ ᠤᠨ ᠲᠥᠷᠥᠯ ᠲᠡᠮᠳᠡᠭ ᠤᠨ ᠨᠥᠯᠥᠭᠡᠯᠡᠯ ᠢᠶᠠᠷ᠂ ᠬᠤᠪᠢᠯᠭᠠᠨ ᠣᠩᠭᠤᠴᠠ ᠡᠭᠡᠭᠦᠯᠦᠨ ᠬᠤᠷᠢᠶᠠᠬᠤ | ᠭᠠᠵᠠᠷ ᠤᠨ ᠳᠤᠷᠠᠰᠬᠠᠯ ᠤᠨ ᠬᠥᠰᠢᠶ᠎ᠡ ᠶᠢ ᠪᠠᠶᠢᠭᠤᠯᠵᠤ᠂ ᠬᠤᠪᠢᠯᠭᠠᠨ ᠣᠩᠭᠤᠴᠠ ᠭᠤᠣᠯ ᠰᠡᠳᠦᠪᠲᠦ ᠴᠡᠴᠡᠷᠯᠢᠭ᠂ | ᠬᠤᠪᠢᠯᠭᠠᠨ ᠣᠩᠭᠤᠴᠠ ᠭᠡᠷ ᠣᠷᠣᠨ ᠰᠠᠭᠤᠴᠠ ᠶᠢᠨ ᠲᠣᠭᠤᠷᠢᠭ ᠢ ᠬᠦᠴᠦᠯᠡᠨ ᠪᠠᠶᠢᠭᠤᠯᠵᠤ᠂ ᠪᠦᠬᠦ ᠬᠤᠰᠢᠭᠤᠨ ᠤ | ᠬᠡᠪᠴᠢᠶᠡᠨ ᠳᠤ ᠰᠢᠳᠢᠲᠦ ᠣᠩᠭᠤᠴᠠ ᠠᠷᠢᠬᠢᠨ ᠪᠠᠭᠤᠳᠠᠯ᠂ ᠬᠤᠪᠢᠯᠭᠠᠨ ᠣᠩᠭᠤᠴᠠ ᠠᠭᠤᠳᠠᠮ ᠲᠠᠯᠠᠪᠠᠢ᠂ ᠬᠤᠪᠢᠯᠭᠠᠨ | ᠣᠩᠭᠤᠴᠠ ᠵᠡᠷᠭᠡ ᠶᠢ ᠭᠠᠵᠠᠷ ᠪᠣᠯᠭᠠᠨ ᠳᠤ ᠬᠤᠪᠢᠯᠭᠠᠨ ᠣᠩᠭᠤᠴᠠ ᠭᠡᠬᠦ ᠨᠡᠷ᠎ᠡ ᠲᠡᠮᠳᠡᠭ ᠪᠣᠯᠤᠨ ᠲᠠᠸᠠᠷ ᠤᠨ ᠲᠡᠮᠳᠡᠭ ᠢ | ᠦᠵᠡᠵᠦ᠂ ᠱᠧᠨ ᠵᠧᠦ ᠰᠣᠶᠣᠯ ᠤᠨ ᠠᠭᠤᠷ ᠠᠮᠢᠰᠬᠤᠯ ᠪᠣᠯᠤᠨ ᠬᠤᠪᠢᠯᠭᠠᠨ ᠣᠩᠭᠤᠴᠠ ᠭᠡᠬᠦ ᠭᠦᠨ ᠵᠤᠵᠠᠭᠠᠨ ᠦᠷ᠎ᠡ | ᠨᠥᠯᠥᠭᠡ ᠶᠢ ᠪᠣᠢ ᠪᠣᠯᠭᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ |