ᠤᠲᠠᠴᠢ  ᠶᠢᠨ ᠠᠭᠤᠯᠠ
ᠨᠡᠶᠢᠲᠡᠯᠡᠭᠰᠡᠨ ᠴᠠᠭ᠄
2023/11/25
         ᠤᠲᠠᠴᠢ  ᠶᠢᠨ ᠠᠭᠤᠯᠠ
          ᠤᠲᠠᠴᠢ  ᠶᠢᠨ ᠠᠭᠤᠯᠠ   ᠨᠢ ᠬᠤᠩᠭᠤᠷ ᠰᠠᠭᠤᠷᠢᠨ ᠤᠨ ᠨᠤᠲᠤᠭ ᠳᠡᠪᠢᠰᠬᠡᠷ ᠳᠡᠭᠡᠷ᠎ᠡ ᠣᠷᠣᠰᠢᠬᠤ ᠲᠠᠪᠤᠨ ᠭᠤᠣᠯ ᠤᠨ ᠳᠡᠭᠡᠳᠦ ᠤᠷᠤᠰᠬᠠᠯ ᠤᠨ ᠳᠠᠭᠠᠤ ᠰᠢᠷᠠᠮᠦ᠋ᠷᠡᠨ ᠪᠠᠷᠠᠭᠤᠨ ᠡᠮᠦᠨ᠎ᠡ 10 ᠺᠢᠯᠣᠮᠧᠳ᠋ᠷ ᠵᠠᠶᠢᠲᠠᠢ ᠣᠷᠣᠰᠢᠳᠠᠭ᠃ ᠤᠭ ᠵᠢᠯᠠᠭ᠎ᠠ ᠶᠢᠨ ᠤᠷᠲᠤ ᠨᠢ 10 ᠺᠢᠯᠣᠮᠧᠳ᠋ᠷ᠂ ᠲᠠᠪᠤᠨᠠᠩᠭ᠎ᠠ ᠨᠤᠭᠤᠳ ᠨᠢ 30—50 ᠮᠧᠳ᠋ᠷ ᠭᠦᠨ ᠪᠠᠶᠢᠳᠠᠭ᠃ ᠭᠤᠣ ᠵᠢᠯᠠᠭ᠎ᠠ ᠶᠢᠨ ᠬᠤᠶᠠᠷ ᠲᠠᠯ᠎ᠠ ᠪᠠᠷ ᠬᠠᠴᠢᠨ ᠴᠢᠯᠠᠭᠤ ᠳᠤ ᠠᠷᠬᠠᠶᠢᠯᠴᠠᠭᠠᠳ ᠡᠯᠳᠡᠪ ᠶᠠᠩᠵᠤ ᠶᠢᠨ ᠬᠡᠯᠪᠡᠷᠢ ᠲᠠᠢ ᠴᠢᠯᠠᠭᠤ ᠪᠦᠷᠢᠯᠳᠦᠳᠡᠭ᠃ ᠡᠷᠲᠡ ᠤᠷᠭᠤᠭᠰᠠᠨ ᠪᠤᠲᠠ ᠮᠣᠳᠣ ᠬᠠᠳᠠᠨ ᠳᠡᠭᠡᠷ᠎ᠡ ᠤᠷᠭᠤᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠪᠠᠶᠢᠭᠠᠯᠢ ᠶᠢᠨ ᠭᠤᠶᠣ ᠦᠵᠡᠮᠵᠢ ᠶᠢ ᠪᠦᠷᠢᠳᠦᠭᠦᠯᠳᠡᠭ᠃ ᠭᠤᠣ ᠵᠢᠯᠠᠭ᠎ᠠ ᠶᠢᠨ ᠳᠣᠲᠣᠷ᠎ᠠ ᠲᠠᠪ ᠭᠤᠣᠯ ᠮᠤᠷᠤᠯᠵᠠᠨ ᠤᠷᠤᠰᠴᠤ᠂ ᠬᠤᠭᠤᠷᠣᠨᠳᠣ ᠨᠢ ᠤᠰᠤᠨ ᠰᠢᠪᠠᠭᠤ ᠨᠢᠰᠦᠨ ᠪᠣᠰᠴᠤ᠂ ᠬᠤᠨ ᠭᠠᠯᠠᠭᠤᠨ ᠤ ᠵᠢᠷᠤᠭ ᠮᠡᠲᠦ ᠨᠢᠰᠦᠨ᠎ᠡ᠃
         ᠤᠭ ᠵᠢᠯᠠᠭ᠎ᠠ ᠶᠢᠨ ᠬᠤᠶᠢᠲᠤ ᠬᠡᠰᠡᠭ ᠨᠢ ᠣᠯᠠᠨ ᠦᠶ᠎ᠡ ᠶᠢᠨ ᠭᠡᠭᠡᠨ ᠤ ᠵᠤᠰᠠᠯᠠᠩ ᠤᠨ ᠲᠥᠪ ᠪᠣᠯᠤᠨ᠎ᠠ᠃ ᠣᠳᠣ ᠪᠠᠷ ᠮᠥᠨ ᠤᠭ ᠭᠡᠭᠡᠨ ᠵᠤᠰᠠᠯᠠᠩ ᠤᠨ ᠣᠷᠳᠣᠨ ᠤ ᠳᠦᠷᠢ ᠪᠣᠯᠤᠨ ᠴᠢᠯᠠᠭᠤᠨ ᠪᠠᠷᠢᠮᠠᠯ ᠪᠦᠬᠦᠢ ᠬᠤᠩᠭᠢᠯ ᠪᠠᠶᠢᠨ᠎ᠠ᠃ ᠵᠠᠷᠢᠮ ᠲᠣᠮᠣ ᠴᠢᠯᠠᠭᠤᠨ ᠳᠡᠭᠡᠷ᠎ᠡ ᠪᠠᠰᠠ ᠸᠠᠩ ᠤᠨ ᠰᠥᠭᠦᠳᠴᠦ ᠮᠥᠷᠭᠦᠬᠦ ᠵᠡᠷᠭᠡ ᠴᠢᠯᠠᠭᠤᠨ ᠰᠡᠶᠢᠯᠦᠮᠡᠯ ᠤᠨ ᠵᠢᠷᠤᠭ ᠰᠡᠶᠢᠯᠦᠨ᠎ᠡ᠃ ᠠᠳᠡ ᠵᠤᠨ ᠰᠡᠷᠢᠭᠦᠨ᠂ ᠡᠪᠦᠯ ᠳᠤᠯᠠᠭᠠᠨ᠂ ᠠᠭᠠᠷ ᠴᠡᠪᠡᠷ᠃ ᠥᠩᠭᠡᠷᠡᠭᠰᠡᠨ ᠳᠤ ᠡᠪᠡᠰᠦ ᠮᠣᠳᠣ ᠢᠭ᠍ᠴᠤ ᠰᠠᠬᠤᠯᠢᠭ ᠤᠷᠭᠤᠵᠤ᠂ ᠬᠥᠬᠡᠷᠡᠨ ᠨᠣᠭᠤᠭᠠᠷᠠᠭᠠᠳ ᠠᠯᠲᠠᠨ ᠪᠦᠷᠭᠦᠳ᠂ ᠭᠤᠷᠭᠤᠤᠯ᠂ ᠬᠤᠨᠠᠨ ᠬᠤᠨᠢ ᠵᠡᠷᠭᠡ ᠵᠢᠭᠦᠷᠲᠡᠨ ᠠᠷᠢᠶᠠᠲᠠᠨ ᠣᠷᠣᠩᠨᠠᠵᠤ ᠪᠠᠶᠢᠵᠠᠢ᠃ ᠬᠤᠵᠢᠮ ᠨᠢ ᠬᠥᠮᠦᠨ ᠤ ᠬᠦᠴᠦ ᠪᠠᠷ ᠲᠦᠷᠢᠮᠡᠬᠡᠶᠢᠯᠡᠨ ᠣᠷᠣᠵᠤ ᠡᠪᠳᠡᠯᠡᠭᠡᠳ᠂ ᠬᠠᠯᠠᠭᠤᠨ᠋‌‍ᠠ᠋ᠴᠠ ᠵᠠᠶᠢᠯᠠᠬᠤ ᠲᠣᠰᠬᠤᠨ ᠡᠪᠳᠡᠭᠳᠡᠨ᠂ ᠵᠢᠭᠦᠷᠲᠡᠨ ᠠᠷᠢᠶᠠᠲᠠᠨ ᠢ ᠬᠥᠭᠡᠭᠡᠨ ᠭᠠᠷᠭᠠᠪᠠ᠃
          ᠡᠭᠦᠨ ᠢ ᠦᠨᠳᠦᠰᠦᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠵᠣᠷᠢᠯᠲᠠ ᠪᠣᠯᠭᠠᠨ᠂ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠵᠤ᠂ ᠬᠤᠰᠢᠭᠤ ᠵᠠᠰᠠᠭ ᠤᠨ ᠤᠷᠳᠤᠨ ᠠᠴᠠ ᠡᠨᠡᠬᠦ ᠣᠷᠣᠨ ᠪᠦᠰᠡ ᠶᠢ ᠠᠮᠢ ᠠᠬᠤᠢ ᠶᠢᠨ ᠬᠠᠮᠠᠭᠠᠯᠠᠯᠲᠠ ᠪᠠ ᠵᠤᠭᠠᠴᠠᠯ ᠵᠤᠭ᠎ᠠ ᠴᠡᠩᠭᠡᠯ ᠤᠨ ᠴᠢᠳᠠᠪᠬᠢ ᠲᠠᠢ ᠦᠵᠡᠮᠵᠢ ᠶᠢᠨ ᠣᠷᠣᠨ ᠪᠣᠯᠭᠠᠨ ᠨᠡᠭᠡᠭᠡᠨ ᠬᠥᠭᠵᠢᠭᠦᠯᠵᠦ᠂ ᠣᠶᠢᠷ᠎ᠠ ᠬᠠᠪᠢ ᠶᠢᠨ ᠰᠢᠷᠠᠮᠦ᠋ᠷᠡᠨᠳᠤ ᠰᠦᠮ᠎ᠡ ᠵᠡᠷᠭᠡ ᠵᠤᠭᠠᠴᠠᠯ ᠤᠨ ᠡᠬᠢ ᠪᠠᠶᠠᠯᠢᠭ ᠪᠠ ᠵᠤᠭᠠᠴᠠᠯ ᠤᠨ ᠦᠢᠯᠡᠳᠬᠦᠨ ᠲᠠᠢ ᠬᠠᠮᠲᠤᠪᠠᠷ ᠵᠤᠭᠠᠴᠠᠯ ᠤᠨ ᠣᠷᠣᠨ ᠪᠦᠰᠡ ᠶᠢᠨ ᠳᠠᠪᠠᠭᠤᠯᠢᠭ ᠢ ᠪᠦᠷᠢᠯᠳᠦᠭᠦᠯᠬᠦ ᠪᠠᠷ ᠲᠣᠭᠲᠠᠵᠤ᠂ ᠪᠦᠬᠦ ᠬᠤᠰᠢᠭᠤᠨ ᠤ ᠵᠤᠭᠠᠴᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠨᠢ ᠯᠠᠪᠲᠠᠢ᠃ᠢᠷᠡᠯᠲᠡ᠄  ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2