ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠢᠩᠬᠢᠮ‌‍ᠡᠴᠡ 4 ᠵᠤᠷᠪᠤᠰ ᠥᠪᠡᠷ ᠢᠶᠠᠨ ᠮᠠᠰᠢᠨ ᠵᠢᠯᠣᠭᠤᠳᠤᠨ ᠵᠤᠭᠠᠴᠠᠬᠤ ᠰᠢᠯᠢᠳᠡᠭ ᠵᠠᠮ ᠱᠤᠭᠤᠮ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2023/11/25
ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠢᠩᠬᠢᠮ‌‍ᠡᠴᠡ 4 ᠵᠤᠷᠪᠤᠰ ᠥᠪᠡᠷ ᠢᠶᠠᠨ ᠮᠠᠰᠢᠨ ᠵᠢᠯᠣᠭᠤᠳᠤᠨ ᠵᠤᠭᠠᠴᠠᠬᠤ ᠰᠢᠯᠢᠳᠡᠭ ᠵᠠᠮ ᠱᠤᠭᠤᠮ ᠢ ᠨᠡᠪᠲᠡᠷᠡᠭᠦᠯᠪᠡ        1. ᠤᠯᠠᠭᠠᠨᠬᠤᠲᠠ ︱ ᠷᠠᠰᠢᠶᠠᠨ ︱ ᠬᠠᠶᠢᠯᠠᠷ ︱ ᠮᠠᠨᠵᠤᠤᠷ ᠤᠨ ᠲᠠᠯ᠎ᠠ ᠨᠤᠲᠤᠭ ᠤᠨ ᠣᠢ ᠰᠢᠭᠤᠢ ᠶᠢᠨ ᠵᠤᠭᠠᠴᠠᠯ ᠤᠨ ᠱᠤᠭᠤᠮ᠃       ᠡᠨᠡ ᠨᠢ ᠥᠪᠥᠷ ᠮᠣᠩᠭᠤᠯ ᠤᠨ ᠬᠠᠮᠤᠭ ᠤᠨ ᠥᠪᠡᠷᠮᠢᠴᠡ ᠠᠶᠠᠯᠠᠯ ᠵᠢᠭᠤᠯᠴᠢᠯᠠᠯ ᠤᠨ ᠰᠢᠯᠢᠳᠡᠭ ᠮᠠᠷᠱᠷᠦ᠋ᠲ ᠤᠨ ᠨᠢᠭᠡ ᠪᠣᠯᠤᠨ᠎ᠠ᠃ ᠲᠤᠰ ᠵᠤᠭᠠᠴᠠᠯ ᠤᠨ ᠱᠤᠭᠤᠮ ᠨᠢ ᠶᠡᠭᠡ ᠬᠢᠩᠭᠠᠨ ᠳᠠᠪᠠᠭ᠎ᠠ ᠪᠣᠯᠤᠨ ᠬᠥᠯᠥᠨ ᠪᠤᠶᠢᠷ ᠤᠨ ᠲᠠᠯ᠎ᠠ ᠨᠤᠲᠤᠭ ᠢ ᠳᠠᠪᠠᠵᠤ᠂ ᠲᠠᠯ᠎ᠠ ᠨᠤᠲᠤᠭ᠂ ᠣᠢ ᠰᠢᠭᠤᠢ᠂ ᠭᠠᠯᠲᠤ ᠠᠭᠤᠯᠠ᠂ ᠬᠠᠯᠠᠭᠤᠨ ᠷᠠᠰᠢᠶᠠᠨ᠂ ᠭᠤᠣᠯ ᠮᠥᠷᠡᠨ᠂ ᠨᠤᠭᠤ ᠭᠠᠵᠠᠷ᠂ ᠨᠠᠭᠤᠷ ᠴᠥᠭᠦᠷᠥᠮ᠂ ᠮᠥᠰᠥ ᠴᠠᠰᠤ᠂ ᠠᠷᠠᠳ ᠤᠨ ᠵᠠᠩ ᠦᠢᠯᠡ᠂ ᠪᠣᠭᠤᠮᠲᠠ ᠵᠡᠷᠭᠡ ᠣᠯᠠᠨ ᠵᠦᠢᠯ ᠤᠨ ᠰᠣᠶᠣᠯ ᠤᠨ ᠵᠤᠭᠠᠴᠠᠯ ᠤᠨ ᠦᠵᠡᠮᠵᠢ ᠲᠠᠢ ᠪᠠᠶᠢᠳᠠᠭ᠃ ᠢᠯᠠᠩᠭᠤᠶ᠎ᠠ ᠬᠥᠯᠥᠨ ᠪᠤᠶᠢᠷ ᠤᠨ ᠲᠠᠯ᠎ᠠ ᠨᠤᠲᠤᠭ᠂ ᠶᠡᠭᠡ ᠬᠢᠩᠭᠠᠨ ᠳᠠᠪᠠᠭᠠᠨ ᠤ ᠣᠢ ᠰᠢᠭᠤᠢ᠂ ᠷᠠᠰᠢᠶᠠᠨ ᠤ ᠭᠠᠯᠲᠤ ᠠᠭᠤᠯᠠ ᠶᠢᠨ ᠬᠠᠯᠠᠭᠤᠨ ᠷᠠᠰᠢᠶᠠᠨ᠂ ᠮᠠᠨᠵᠤᠤᠷ ᠪᠣᠭᠤᠮᠲᠠ᠂ ᠡᠷᠭᠦᠨ᠎ᠡ ᠶᠢᠨ ᠬᠢᠯᠢ ᠶᠢᠨ ᠭᠤᠣᠯ ᠪᠣᠯᠤᠨ ᠡᠸᠡᠩᠬᠢ᠂ ᠣᠷᠴᠣᠨ᠂ ᠳᠠᠭᠤᠷ ᠭᠤᠷᠪᠠᠨ ᠴᠥᠭᠡᠨ ᠲᠣᠭᠠᠲᠤ ᠦᠨᠳᠦᠰᠦᠲᠡᠨ ᠤ ᠵᠠᠩ ᠵᠠᠩᠰᠢᠯ ᠨᠢ ᠬᠠᠮᠤᠭ ᠤᠨ ᠥᠪᠡᠷᠮᠢᠴᠡ ᠪᠠᠶᠢᠳᠠᠭ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠯᠢᠶᠡᠳ ᠨᠡᠷ᠎ᠡ ᠠᠯᠳᠠᠷ  ᠲᠠᠢ᠃ᠲᠤᠰ ᠱᠤᠭᠤᠮ ᠨᠢ ᠬᠠᠶᠢᠯᠠᠷ᠂ ᠮᠠᠨᠵᠤᠤᠷ᠂ ᠷᠠᠰᠢᠶᠠᠨ᠂ ᠤᠯᠠᠭᠠᠨᠬᠤᠲᠠ ᠪᠠᠷ ᠵᠤᠭᠠᠴᠠᠬᠤ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠵᠤ᠂ ᠭᠤᠣᠯ ᠵᠤᠭᠠᠴᠠᠯ ᠤᠨ ᠦᠵᠡᠮᠵᠢ ᠶᠢᠨ ᠣᠷᠣᠨ ᠪᠣᠯ ᠤᠯᠠᠭᠠᠨᠬᠤᠲᠠ ᠶᠢᠨ ᠬᠤᠪᠢᠰᠬᠠᠯ ᠤᠨ ᠵᠤᠭᠠᠴᠠᠯ ᠤᠨ ᠦᠵᠡᠮᠵᠢ ᠶᠢᠨ ᠣᠷᠣᠨ᠂ ᠴᠢᠩᠭᠢᠰ ᠬᠠᠭᠠᠨ ᠤ ᠰᠦᠮ᠎ᠡ᠂ ᠷᠠᠰᠢᠶᠠᠨ ︱ ᠴᠠᠢ ᠾᠧ ᠭᠤᠣᠯ ᠤᠨ ᠵᠤᠭᠠᠴᠠᠯ ᠤᠨ ᠣᠷᠣᠨ ( 5A ᠳᠡᠰ )᠂ ᠬᠥᠬᠡᠬᠤᠲᠠ ᠶᠢᠨ ᠲᠠᠯ᠎ᠠ ᠨᠤᠲᠤᠭ᠂ ᠮᠤᠷᠭᠧᠯ ᠤᠨ ᠭᠤᠣᠯ ᠤᠨ ᠲᠠᠯ᠎ᠠ ᠨᠤᠲᠤᠭ᠂ ᠳᠡᠯᠡᠬᠡᠢ ᠶᠢᠨ ᠹᠠᠰᠢᠰ ᠢ ᠡᠰᠡᠷᠭᠦᠴᠡᠬᠦ ᠲᠡᠶᠢᠨ ᠤ ᠬᠠᠶᠢᠯᠠᠷ ᠤᠨ ᠳᠤᠷᠠᠰᠬᠠᠯ ᠤᠨ ᠬᠦᠷᠢᠶᠡᠯᠡᠩ᠂ ᠬᠤᠩᠭᠤᠯᠵᠢ ᠶᠢᠨ ᠤᠯᠤᠰ ᠤᠨ ᠣᠢ ᠰᠢᠭᠤᠢ ᠶᠢᠨ ᠴᠡᠴᠡᠷᠯᠢᠭ᠂ ᠮᠠᠨᠵᠤᠤᠷ ᠤᠨ ᠬᠢᠯᠢ ᠶᠢᠨ ᠵᠤᠭᠠᠴᠠᠯ ᠤᠨ ᠣᠷᠣᠨ ( 5A ᠳᠡᠰ )᠂ ᠬᠤᠪᠢᠰᠬᠠᠯ ᠤᠨ ᠨᠢᠭᠤᠴᠠ ᠵᠠᠮ ᠬᠠᠷᠢᠯᠴᠠᠭᠠᠨ ᠤ ᠱᠤᠭᠤᠮ ᠤᠨ ᠦᠯᠡᠳᠡᠭᠳᠡᠯ᠂ ᠰᠢᠪᠡᠭᠡ ᠣᠷᠣᠰ ᠤᠨ ᠠᠷᠠᠳ ᠤᠨ ᠵᠠᠩ ᠦᠢᠯᠡ ᠶᠢᠨ ᠵᠤᠭᠠᠴᠠᠯ ᠤᠨ ᠲᠣᠰᠬᠤᠨ᠂ ᠡᠷᠭᠦᠨ᠎ᠡ ᠶᠢᠨ ᠭᠡᠭᠡᠨ ᠭᠤᠣᠯ ᠤᠨ ᠨᠤᠭᠤ ᠭᠠᠵᠠᠷ ᠤᠨ ᠵᠤᠭᠠᠴᠠᠯ ᠤᠨ ᠣᠷᠣᠨ᠂ ᠮᠣᠷᠳᠠᠭ᠎ᠠ ᠶᠢᠨ ᠤᠯᠤᠰ ᠤᠨ ᠣᠢ ᠰᠢᠭᠤᠢ ᠶᠢᠨ ᠴᠡᠴᠡᠷᠯᠢᠭ ᠵᠡᠷᠭᠡ ᠪᠣᠯᠤᠨ᠎ᠠ᠃ᠲᠤᠰ ᠵᠤᠭᠠᠴᠠᠯ ᠤᠨ ᠱᠤᠭᠤᠮ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠡᠬᠢ ᠪᠠᠶᠠᠯᠢᠭ ᠤᠨ ᠬᠢᠷᠢ ᠲᠦᠪᠰᠢᠨ ᠬᠠᠮᠤᠭ ᠤᠨ ᠥᠨᠳᠥᠷ᠂ ᠰᠠᠭᠤᠷᠢ ᠨᠥᠬᠦᠴᠡᠯ ᠢᠶᠠᠷ ᠬᠠᠮᠤᠭ ᠤᠨ ᠰᠠᠶᠢᠨ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠬᠠᠮᠤᠭ ᠤᠨ ᠶᠡᠭᠡ ᠲᠠᠯ᠎ᠠ ᠨᠤᠲᠤᠭ ᠤᠨ ᠰᠣᠶᠣᠯ ᠬᠢᠭᠡᠳ ᠰᠡᠯᠡᠭᠦᠴᠡᠯ ᠵᠤᠭᠠᠴᠠᠯ ᠤᠨ ᠬᠠᠯᠠᠮᠰᠢᠯ ᠤᠲᠠᠰᠤ ᠪᠣᠯᠤᠨ᠎ᠠ᠂ ᠪᠠᠰᠠᠴᠤ ᠬᠠᠮᠤᠭ ᠤᠨ ᠰᠠᠶᠢᠨ ᠥᠪᠡᠰᠦᠪᠡᠨ ᠵᠢᠯᠣᠭᠤᠳᠬᠤ ᠵᠤᠭᠠᠴᠠᠯ ᠤᠨ ᠱᠤᠭᠤᠮ ᠪᠣᠯᠤᠨ᠎ᠠ᠃         2. ᠰᠢᠯᠤᠭᠤᠨ ᠬᠥᠬᠡ ᠬᠤᠰᠢᠭᠤ ︱ ᠰᠢᠯᠢ ᠶᠢᠨ ᠬᠤᠲᠠ ︱ ᠬᠡᠰᠢᠭᠲᠡᠨ ᠬᠤᠰᠢᠭᠤ ︱ ᠪᠠᠭᠠᠷᠢᠨ ᠪᠠᠷᠠᠭᠤᠨ ᠬᠤᠰᠢᠭᠤ ︱ ᠤᠯᠠᠭᠠᠨᠬᠠᠳᠠ ︱ ᠬᠠᠷᠠᠴᠢᠨ ᠬᠤᠰᠢᠭᠤᠨ ᠤ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠱᠤᠭᠤᠮ᠃            ᠤᠭ ᠠᠶᠠᠯᠠᠯ ᠵᠢᠭᠤᠯᠴᠢᠯᠠᠯ ᠤᠨ ᠮᠠᠷᠱᠷᠦ᠋ᠲ ᠨᠢ ᠰᠢᠯᠢᠨ ᠭᠤᠣᠯ ᠠᠶᠢᠮᠠᠭ᠂ ᠤᠯᠠᠭᠠᠨᠬᠠᠳᠠ ᠬᠤᠲᠠ ᠭᠡᠰᠡᠨ ᠬᠤᠶᠠᠷ ᠠᠶᠢᠮᠠᠭ ᠬᠤᠲᠠ ᠶᠢ ᠳᠠᠮᠨᠠᠭᠰᠠᠨ᠃ᠵᠢᠭᠤᠯᠴᠢᠯᠠᠯ ᠤᠨ ᠵᠠᠮ ᠱᠤᠭᠤᠮ ᠰᠢᠯᠢ ᠶᠢᠨ ᠭᠤᠣᠯ ᠤᠨ ᠲᠠᠯ᠎ᠠ ᠨᠤᠲᠤᠭ᠂ ᠬᠤᠯᠠᠨ ᠰᠢᠷᠭ᠎ᠠ ᠳᠠᠭ᠎ᠠ ᠶᠢᠨ ᠡᠯᠡᠰᠦᠨ ᠭᠠᠵᠠᠷ᠂ ᠬᠤᠷᠴᠢᠨ ᠤ ᠡᠯᠡᠰᠦᠨ ᠭᠠᠵᠠᠷ᠂ ᠶᠡᠭᠡ ᠬᠢᠩᠭᠠᠨ ᠳᠠᠪᠠᠭᠠᠨ ᠤ ᠡᠮᠦᠨ᠎ᠡ ᠬᠡᠰᠡᠭ ᠵᠡᠷᠭᠡ ᠪᠠᠷ ᠤᠷᠤᠰᠤᠨ ᠥᠩᠭᠡᠷᠡᠵᠦ᠂ ᠥᠷᠭᠡᠨ ᠠᠭᠤᠳᠠᠮ ᠲᠠᠯ᠎ᠠ ᠨᠤᠲᠤᠭ᠂ ᠮᠠᠩᠨᠢᠭᠠᠨ᠎ᠠ ᠶᠢᠨ ᠣᠢ᠂ ᠨᠡᠯᠦᠭᠡᠷ ᠡᠯᠡᠰᠦ ᠮᠠᠩᠬ᠎ᠠ᠂ ᠭᠤᠣᠯ ᠮᠥᠷᠡᠨ ᠤ ᠨᠠᠭᠤᠷ ᠴᠥᠭᠦᠷᠥᠮ᠂ ᠭᠠᠵᠠᠷ ᠤᠨ ᠭᠠᠶᠢᠬᠠᠮᠰᠢᠭᠲᠤ ᠦᠵᠡᠮᠵᠢ ᠪᠠ ᠭᠠᠵᠠᠷ ᠤᠨ ᠬᠠᠯᠠᠭᠤᠨ ᠷᠠᠰᠢᠶᠠᠨ ᠵᠡᠷᠭᠡ ᠦᠯᠡᠮᠵᠢ ᠣᠯᠠᠨ ᠵᠢᠭᠤᠯᠴᠢᠯᠠᠯ ᠤᠨ ᠡᠬᠢ ᠪᠠᠶᠠᠯᠢᠭ ᠲᠠᠢ᠂ ᠠᠳᠡᠬᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠤᠣᠯ ᠣᠷᠣᠨ᠂ ᠦᠨᠳᠦᠰᠦᠲᠡᠨ ᠤ ᠵᠠᠩ ᠦᠢᠯᠡ᠂ ᠲᠡᠦᠬᠡ ᠶᠢᠨ ᠦᠯᠡᠳᠡᠭᠳᠡᠯ ᠣᠯᠠᠨ ᠪᠠᠶᠢᠳᠠᠭ᠃ ᠠᠰᠬᠠᠲᠤ ᠶᠢᠨ ᠴᠢᠯᠠᠭᠤᠨ ᠣᠢ᠂ ᠤᠯᠠᠭᠠᠨ ᠪᠣᠳᠣᠩ ᠲᠠᠯ᠎ᠠ ᠨᠤᠲᠤᠭ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠯᠢᠶᠣᠣ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ᠂ ᠬᠠᠰ ᠯᠤᠤ ᠡᠯᠡᠰᠦᠨ ᠨᠠᠭᠤᠷ᠂ ᠬᠠᠷᠠᠴᠢᠨ ᠴᠢᠨ ᠸᠠᠩ ᠤᠨ ᠣᠷᠳᠣᠨ᠂ ᠮᠡᠶᠢᠷᠡᠨ ᠭᠤᠣ ᠮᠥᠰᠥᠨ ᠤ ᠲᠥᠪ᠂ ᠳ᠋ᠣᠣ ᠰᠢᠦᠢ ᠭᠧᠦ᠂ ᠲᠤᠯᠤᠨ ᠨᠠᠭᠤᠷ᠂ ᠱᠠᠨ ᠰᠢ ᠶᠢᠨ ᠬᠤᠷᠠᠯ ᠣᠷᠳᠣᠨ᠂ ᠮᠣᠩᠭᠤᠯ ᠬᠠᠨ ᠤ ᠬᠤᠲᠠ᠂ ᠤᠯᠠᠭᠠᠢ ᠲᠠᠯ᠎ᠠ ᠨᠤᠲᠤᠭ ᠵᠢᠴᠢ ᠣᠯᠠᠨ ᠠᠷᠪᠢᠨ ᠬᠠᠯᠠᠭᠤᠨ ᠷᠠᠰᠢᠶᠠᠨ ᠤ ᠭᠠᠵᠠᠷ ᠤᠨ ᠬᠠᠯᠠᠭᠤᠨ ᠷᠠᠰᠢᠶᠠᠨ ᠤ ᠭᠠᠵᠠᠷ ᠪᠠ ᠱᠠᠰᠢᠨ ᠤ ᠰᠦᠮ᠎ᠡ ᠵᠡᠷᠭᠡ ᠪᠠᠶᠢᠵᠤ᠂ ᠠᠷᠠᠳ ᠤᠨ ᠵᠠᠩ ᠦᠢᠯᠡ ᠶᠢᠨ ᠣᠶᠢᠯᠠᠭᠠᠯᠲᠠ᠂ ᠠᠮᠢ ᠠᠬᠤᠢ ᠶᠢᠨ ᠲᠣᠭᠤᠷᠢᠨ᠂ ᠰᠡᠯᠡᠭᠦᠴᠡᠯ ᠵᠤᠭᠠᠴᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯ ᠮᠡᠨᠳᠦ ᠶᠢᠨ ᠪᠡᠶ᠎ᠡ ᠶᠢᠨ ᠲᠠᠮᠢᠷ᠂ ᠬᠥᠳᠡᠭᠡ ᠲᠣᠰᠬᠤᠨ ᠤ ᠵᠤᠭᠠᠴᠠᠯ᠂ ᠥᠪᠡᠰᠦᠪᠡᠨ ᠲᠡᠷᠭᠡ ᠵᠢᠯᠣᠭᠤᠳᠤᠨ ᠬᠡᠭᠡᠷᠡᠯᠡᠨ ᠠᠶᠠᠯᠠᠬᠤ ᠵᠡᠷᠭᠡ ᠣᠯᠠᠨ ᠵᠦᠢᠯ ᠤᠨ ᠣᠨᠴᠠᠯᠢᠭᠲᠤ ᠵᠢᠭᠤᠯᠴᠢᠯᠠᠯ ᠢ ᠥᠷᠨᠢᠭᠦᠯᠵᠦ ᠴᠢᠳᠠᠬᠤ ᠶᠤᠮ᠃ᠲᠤᠰ ᠣᠷᠣᠨ ᠪᠦᠰᠡ ᠨᠢ ᠪᠡᠭᠡᠵᠢᠩ᠂ ᠴᠧᠩᠳᠧ᠂ ᠮᠦᠭᠳᠡᠨ ᠂ ᠴᠢᠭᠤᠯᠤᠯᠲᠤ ᠬᠠᠭᠠᠯᠭ᠎ᠠ ᠵᠡᠷᠭᠡ ᠴᠢᠬᠤᠯᠠ ᠵᠢᠭᠤᠯᠴᠢᠯᠠᠯ ᠤᠨ ᠬᠤᠲᠠ ᠲᠠᠢ ᠬᠥᠷᠰᠢᠯᠡᠵᠦ᠂ ᠵᠠᠮ ᠬᠠᠷᠢᠯᠴᠠᠭ᠎ᠠ ᠳᠥᠭᠦᠮ᠂ ᠣᠷᠣᠨ ᠪᠠᠶᠢᠷᠢ ᠳᠠᠪᠠᠭᠤᠯᠢᠭ ᠪᠠᠶᠢᠵᠤ᠂ ᠪᠡᠭᠡᠵᠢᠩ ᠲᠢᠶᠠᠨᠵᠢᠨ ᠾᠧᠪᠧᠢ ᠶᠢ ᠲᠣᠭᠤᠷᠢᠭᠰᠠᠨ ᠴᠢᠬᠤᠯᠠ ᠲᠠᠯ᠎ᠠ ᠨᠤᠲᠤᠭ ᠤᠨ ᠰᠣᠶᠣᠯ ᠪᠠ ᠠᠮᠢ ᠠᠬᠤᠢ ᠶᠢᠨ ᠰᠡᠯᠡᠭᠦᠴᠡᠯ ᠤᠨ ᠵᠢᠭᠤᠯᠴᠢᠯᠠᠯ ᠤᠨ ᠣᠷᠣᠨ ᠪᠦᠰᠡ ᠪᠣᠯᠬᠤ ᠪᠥᠭᠡᠳ ᠪᠠᠰᠠ ᠴᠤ ᠤᠯᠤᠰ ᠤᠨ ᠳᠣᠲᠣᠭᠠᠳᠤ ᠶᠢᠨ ᠬᠠᠮᠤᠭ ᠤᠨ ᠰᠠᠶᠢᠨ ᠣᠷᠣᠨ ᠪᠦᠰᠡ ᠠᠯᠤᠰᠯᠠᠨ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ ᠱᠤᠭᠤᠮ ᠪᠣᠯᠤᠨ᠎ᠠ᠃          3. ᠤᠯᠠᠭᠠᠨᠴᠠᠪ ︱ ᠬᠥᠬᠡᠬᠤᠲᠠ ︱ ᠪᠤᠭᠤᠲᠤ ︱ ᠣᠷᠳᠣᠰ ᠤᠨ ᠬᠠᠲᠤᠨ ᠭᠤᠣᠯ ᠤᠨ ᠬᠡᠳᠦᠨ ᠳᠤᠭᠲᠦ᠋ᠢᠲᠤ ᠲᠣᠬᠤᠢ ᠶᠢᠨ ᠵᠠᠩ ᠦᠢᠯᠡ ᠶᠢᠨ ᠰᠣᠶᠣᠯ ᠵᠢᠭᠤᠯᠴᠢᠯᠠᠯ ᠤᠨ ᠱᠤᠭᠤᠮ᠃          ᠲᠤᠰ ᠱᠤᠭᠤᠮ ᠳᠤ ᠬᠥᠬᠡᠬᠤᠲᠠ᠂ ᠪᠤᠭᠤᠲᠤ᠂ ᠤᠯᠠᠭᠠᠨᠴᠠᠪ᠂ ᠣᠷᠳᠣᠰ ᠵᠡᠷᠭᠡ ᠣᠷᠣᠨ ᠪᠦᠰᠡ ᠪᠠᠭᠲᠠᠨ᠎ᠠ᠃ ᠲᠤᠰ ᠣᠷᠣᠨ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠡᠯᠪᠡᠭ᠂ ᠲᠥᠷᠥᠯ ᠬᠡᠯᠪᠡᠷᠢ ᠣᠯᠠᠨ᠂ ᠬᠡᠭᠡᠷ᠎ᠡ ᠲᠠᠯ᠎ᠠ᠂ ᠡᠯᠡᠰᠦ ᠮᠠᠩᠬ᠎ᠠ᠂ ᠬᠠᠯᠠᠭᠤᠨ ᠷᠠᠰᠢᠶᠠᠨ᠂ ᠭᠤᠣᠯ ᠮᠥᠷᠡᠨ᠂ ᠨᠠᠭᠤᠷ ᠴᠥᠭᠦᠷᠥᠮ᠂ ᠠᠷᠠᠳ ᠤᠨ ᠵᠠᠩ ᠵᠠᠩᠰᠢᠯ᠂ ᠡᠷᠲᠡᠨ ᠤ ᠦᠯᠡᠳᠡᠭᠳᠡᠯ᠂ ᠣᠲᠣ ᠦᠶ᠎ᠡ ᠶᠢᠨ ᠠᠵᠤ ᠦᠢᠯᠡᠳᠪᠦᠷᠢ ᠲᠠᠷᠢᠶᠠᠯᠠᠩ ᠤᠨ ᠦᠵᠡᠮᠵᠢ᠂ ᠬᠡᠭᠡᠷ᠎ᠡ ᠲᠠᠯ᠎ᠠ ᠶᠢᠨ ᠬᠤᠲᠠ ᠶᠢᠨ ᠥᠩᠭᠡ ᠦᠵᠡᠮᠵᠢ ᠵᠡᠷᠭᠡ 9 ᠲᠥᠷᠥᠯ ᠤᠨ ᠵᠢᠭᠤᠯᠴᠢᠯᠠᠯ ᠤᠨ ᠡᠬᠢ ᠪᠠᠶᠠᠯᠢᠭ ᠲᠠᠢ᠃ᠴᠢᠩᠭᠢᠰ ᠬᠠᠭᠠᠨ ᠤ ᠣᠩᠭᠤᠨ ( 5A ᠳᠡᠰ )᠂ ᠪᠦᠷᠢᠶ᠎ᠡ ᠮᠠᠩᠬ᠎ᠠ ( 5A ᠳᠡᠰ )᠂ ᠡᠩᠬᠡᠪᠡᠢ᠂ ᠳᠣᠯᠣᠭᠠᠨ ᠣᠳᠣᠨ ᠨᠠᠭᠤᠷ᠂ ᠬᠢᠶ᠎ᠡ ᠪᠠᠭᠰᠢ᠂ ᠵᠢᠦ ᠴᠧᠩ ᠬᠦᠩ ᠣᠷᠳᠣᠨ᠂ ᠭᠡᠭᠡᠨᠲᠠᠯ᠎ᠠ ᠶᠢᠨ ᠲᠠᠯ᠎ᠠ ᠨᠤᠲᠤᠭ᠂ ᠬᠦᠢᠲᠡᠨ ᠰᠢᠯᠢ ᠶᠢᠨ ᠲᠠᠯ᠎ᠠ ᠨᠤᠲᠤᠭ᠂ ᠵᠣᠣ ᠵᠢᠶᠦ᠋ᠨ ᠮᠦᠽᠧᠢ᠂ ᠴᠡᠯᠡᠭᠡᠷ ᠲᠠᠯ᠎ᠠ ᠶᠢᠨ ᠲᠠᠯ᠎ᠠ ᠨᠤᠲᠤᠭ᠂ ᠪᠠᠴᠠᠷ ᠤᠨ ᠬᠠᠲᠤᠨ ᠭᠤᠣᠯ ᠤᠨ ᠶᠡᠭᠡ ᠬᠠᠪᠴᠢᠯ᠂ ᠬᠠᠲᠤᠨ ᠭᠤᠣᠯ ᠤᠨ ᠱᠧᠨ ᠴᠢᠤᠸᠠᠨ ᠵᠤᠭᠠᠴᠠᠯ ᠤᠨ ᠣᠷᠣᠨ ᠵᠡᠷᠭᠡ ᠦᠯᠡᠮᠵᠢ ᠣᠯᠠᠨ ᠣᠨᠴᠠᠯᠢᠭᠲᠤ ᠵᠤᠭᠠᠴᠠᠯ ᠤᠨ ᠦᠵᠡᠮᠵᠢ ᠶᠢᠨ ᠣᠷᠣᠨ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠯ ᠤᠨ ᠵᠠᠬ᠎ᠠ ᠳᠡᠯᠭᠡᠭᠦᠷ ᠲᠤ ᠨᠡᠯᠢᠶᠡᠳ ᠨᠡᠷ᠎ᠡ ᠠᠯᠳᠠᠷ ᠲᠠᠢ᠃ ᠤᠭ ᠮᠠᠷᠱᠷᠦ᠋ᠲ ᠨᠢ ᠬᠥᠬᠡᠬᠤᠲᠠ᠂ ᠪᠤᠭᠤ ᠳᠤ᠂ ᠣᠷᠳᠣᠰ ᠭᠤᠷᠪᠠᠨ ᠬᠤᠲᠠ ᠶᠢᠨ ᠠᠶᠠᠯᠠᠯ ᠵᠢᠭᠤᠯᠴᠢᠯᠠᠯ ᠤᠨ ᠮᠠᠷᠱᠷᠦ᠋ᠲ ᠢᠶᠠᠷ ᠭᠤᠣᠯ ᠪᠦᠰᠡ ᠪᠣᠯᠭᠠᠵᠠᠢ᠃ ᠠᠳᠡᠬᠢ ᠵᠢᠭᠤᠯᠴᠢᠯᠠᠯ ᠤᠨ ᠡᠬᠢ ᠪᠠᠶᠠᠯᠢᠭ ᠤᠨ ᠣᠷᠣᠨ ᠵᠠᠢ ᠶᠢᠨ ᠬᠠᠮᠲᠤᠷᠠᠯ ᠨᠢ ᠲᠦᠢᠯ ᠤᠨ ᠰᠠᠶᠢᠨ ᠪᠠᠶᠢᠵᠤ᠂ ᠬᠡᠭᠡᠷ᠎ᠡ ᠲᠠᠯ᠎ᠠ᠂ ᠡᠯᠡᠰᠦᠨ ᠴᠦᠯ᠂ ᠡᠷᠲᠡᠨ ᠤ ᠪᠠᠭᠤᠷᠢ᠂ ᠠᠷᠠᠳ ᠤᠨ ᠵᠠᠩ ᠵᠠᠩᠰᠢᠯ ᠪᠣᠯᠤᠨ ᠠᠵᠤ ᠦᠢᠯᠡᠳᠪᠦᠷᠢ ᠲᠠᠷᠢᠶᠠᠯᠠᠩ ᠤᠨ ᠵᠢᠭᠤᠯᠴᠢᠯᠠᠯ ᠵᠡᠷᠭᠡ ᠮᠠᠰᠢ ᠣᠯᠠᠨ ᠵᠢᠭᠤᠯᠴᠢᠯᠠᠯ ᠤᠨ ᠴᠡᠭ ᠢ ᠬᠡᠯᠬᠢᠨ ᠨᠢᠭᠡ ᠵᠤᠷᠪᠤᠰ ᠰᠢᠵᠢᠷ ᠠᠯᠲᠠᠨ ᠵᠢᠭᠤᠯᠴᠢᠯᠠᠯ ᠤᠨ ᠵᠠᠮ ᠱᠤᠭᠤᠮ ᠪᠣᠯᠭᠠᠨ ᠬᠤᠯᠪᠣᠭᠳᠠᠭᠤᠯᠵᠠᠢ  ᠂ ᠪᠠᠰᠠ ᠠᠶᠠᠯᠠᠯ ᠵᠢᠭᠤᠯᠴᠢᠯᠠᠯ ᠤᠨ ᠳᠡᠳ᠋ ᠪᠦᠲᠦᠴᠡ ᠪᠣᠯᠤᠨ ᠦᠢᠯᠡᠴᠢᠯᠡᠭᠡᠨ ᠤ ᠪᠠᠷᠢᠯᠭ᠎ᠠ ᠪᠠᠶᠢᠭᠤᠯᠤᠮᠵᠢ ᠢᠵᠢ ᠪᠦᠷᠢᠨ᠂ ᠬᠦᠴᠦᠨ ᠴᠢᠳᠠᠯ ᠪᠦᠷᠢᠨ᠂ ᠭᠤᠣᠯ ᠬᠤᠲᠠ ᠬᠥᠬᠡᠬᠤᠲᠠ᠂ ᠪᠤᠭᠤ ᠳᠤ᠂ ᠣᠷᠳᠣᠰ᠂ ᠤᠯᠠᠭᠠᠨᠴᠠᠪ ᠤᠨ ᠵᠢᠨᠢᠩ ᠲᠡᠭᠦᠷᠭᠡ ᠨᠢ ᠦᠵᠦ ᠶᠢᠨ ᠲᠠᠪᠤᠨ ᠣᠳᠣ᠂ ᠳᠥᠷᠪᠡᠨ ᠣᠳᠣᠨ ᠵᠡᠷᠭᠡᠯᠡᠯ ᠤᠨ ᠵᠣᠴᠢᠳ ᠪᠠᠭᠤᠳᠠᠯ ᠪᠣᠯᠤᠨ ᠣᠯᠠᠨ ᠤᠯᠤᠰ ᠤᠨ᠂ ᠳᠣᠲᠣᠭᠠᠳᠤ ᠶᠢᠨ ᠠᠶᠠᠯᠠᠯ ᠵᠢᠭᠤᠯᠴᠢᠯᠠᠯ ᠤᠨ ᠺᠣᠮᠫᠠᠨᠢ ᠨᠤᠭᠤᠳ ᠲᠥᠪᠯᠡᠷᠡᠵᠦ᠂ ᠬᠤᠷᠳᠤᠨ ᠤ ᠠᠦᠲ᠋ᠣ ᠵᠠᠮ᠂ ᠬᠤᠷᠳᠤᠨ ᠤ ᠲᠡᠮᠦᠷ ᠵᠠᠮ ᠪᠣᠯᠤᠨ ᠢᠷᠭᠡᠨ ᠤ ᠨᠢᠰᠬᠦ ᠣᠩᠭᠤᠴᠠᠨ ᠤ ᠪᠠᠭᠤᠳᠠᠯ ᠢᠶᠠᠷ ᠬᠠᠮᠤᠭ ᠤᠨ᠃            4. ᠦᠬᠠᠢ ︱ ᠠᠯᠠᠱᠠ ︱ ᠪᠠᠶᠠᠨᠨᠠᠭᠤᠷ ᠤᠨ ᠶᠡᠭᠡ ᠡᠯᠡᠰᠦᠨ ᠤ ᠵᠠᠩ ᠦᠢᠯᠡ ᠶᠢᠨ ᠬᠠᠲᠤᠨ ᠭᠤᠣᠯ ᠤᠨ ᠰᠣᠶᠣᠯ ᠵᠤᠭᠠᠴᠠᠯ ᠤᠨ ᠱᠤᠭᠤᠮ᠃             ᠥᠪᠥᠷ ᠮᠣᠩᠭᠤᠯ ᠤᠨ ᠥᠪᠡᠷᠮᠢᠴᠡ᠂ ᠴᠢᠨᠠᠷ ᠰᠠᠶᠢᠲᠠᠢ᠂ ᠰᠣᠶᠣᠯ ᠤᠨ ᠳᠠᠪᠠᠭᠤ ᠲᠠᠯ᠎ᠠ᠂ ᠳᠠᠪᠠᠭᠤ ᠲᠠᠯ᠎ᠠ ᠪᠦᠬᠦᠢ ᠠᠶᠠᠯᠠᠯ ᠵᠢᠭᠤᠯᠴᠢᠯᠠᠯ ᠤᠨ ᠪᠠᠶᠠᠯᠢᠭ 《 ᠡᠯᠪᠡᠭ ᠪᠦᠰᠡ 》 ᠶᠢ ᠡᠨᠡ ᠮᠠᠷᠱᠷᠦ᠋ᠲ ᠬᠠᠷᠠᠭᠤᠯᠵᠤ ᠪᠠᠶᠢᠨ᠎ᠠ᠃ ᠠᠳᠡᠬᠢ ᠪᠠᠶᠢᠭᠠᠯᠢ ᠶᠢᠨ ᠦᠵᠡᠮᠵᠢ ᠨᠢ ᠥᠪᠡᠷᠮᠢᠴᠡ᠂ ᠡᠷᠲᠡᠨ ᠤ ᠪᠠᠭᠤᠷᠢ ᠨᠢ ᠬᠤᠪᠣᠷ ᠨᠠᠨᠳᠢᠨ ;ᠡᠯᠡᠰᠦᠨ ᠴᠦᠯ᠂ ᠭᠤᠪᠢ᠂ ᠲᠠᠯ᠎ᠠ ᠨᠤᠲᠤᠭ ᠥᠷᠭᠡᠨ ᠲᠠᠷᠬᠠᠵᠤ᠂ ᠣᠢ ᠰᠢᠭᠤᠢ᠂ ᠨᠣᠭᠤᠭᠠᠨ ᠪᠦᠷᠢᠳᠦ᠂ ᠨᠠᠭᠤᠷ ᠴᠥᠭᠦᠷᠥᠮ᠂ ᠬᠠᠲᠤᠨ ᠭᠤᠣᠯ ᠰᠦᠯᠵᠢᠯᠳᠦᠨ ᠳᠤᠰᠬᠠᠵᠠᠢ᠃ᠲᠡᠭᠷᠢ ᠡᠯᠡᠰᠦ᠂ ᠪᠠᠳᠠᠢ ᠶᠢᠨ ᠵᠢᠷᠠᠨ ᠤ ᠡᠯᠡᠰᠦᠨ ᠴᠦᠯ᠂ ᠤᠯᠠᠭᠠᠨᠪᠤᠬ᠎ᠠ ᠡᠯᠡᠰᠦᠨ ᠴᠦᠯ ᠪᠦᠬᠦ ᠨᠤᠲᠤᠭ ᠢ ᠰᠤᠨᠳᠠᠯᠠᠵᠤ᠂ ᠠᠯᠠᠱᠠ ᠠᠭᠤᠯᠠᠨ ᠳᠤ ᠣᠷᠭᠢᠯ ᠰᠦᠨᠳᠡᠷᠯᠡᠵᠦ᠂ ᠮᠣᠳᠣᠳ ᠵᠢᠭᠳᠡᠷᠡᠨ᠂ ᠱᠠᠰᠢᠨ ᠢ ᠪᠠᠳᠠᠷᠠᠭᠤᠯᠤᠭᠴᠢ ᠰᠦᠮ᠎ᠡ᠂ ᠪᠤᠶᠠᠨ ᠪᠠᠷᠢᠯᠳᠤᠯᠭᠠᠲᠤ ᠰᠦᠮ᠎ᠡ ᠵᠡᠷᠭᠡ ᠯᠠᠮᠠ ᠶᠢᠨ ᠱᠠᠰᠢᠨ ᠤ ᠰᠦᠮ᠎ᠡ ᠬᠡᠶᠢᠳ ᠤᠨ ᠡᠷᠲᠡᠨ ᠤ ᠥᠩᠭᠡ ᠪᠣᠳᠤᠭ ᠢᠶᠠᠷ ᠪᠦᠷᠢᠯᠳᠦᠵᠡᠢ᠂ ᠡᠳᠡᠭᠡᠷ ᠨᠢ ᠠᠯᠠᠱᠠ ᠣᠷᠭᠢᠯ᠂ ᠨᠠᠷᠠᠰᠤᠨ ᠣᠢ ᠶᠢᠨ ᠳᠤᠮᠳᠠ ᠲᠤᠰᠬᠠᠭᠳᠠᠵᠤ ᠪᠣᠢ  ᠂ ᠪᠤᠶᠠᠨ ᠠᠷᠪᠢᠳᠬᠠᠭᠴᠢ ᠰᠦᠮ᠎ᠡ᠂ ᠠᠯᠠᠱᠠ ᠶᠢᠨ ᠸᠠᠩ ᠤᠨ ᠣᠷᠳᠣᠨ ᠨᠢ ᠨᠡᠩ ᠴᠦ ᠮᠢᠩ ᠴᠢᠩ ᠤᠨ ᠬᠡᠪ ᠨᠠᠮᠪᠠ ᠲᠠᠢ ᠡᠷᠲᠡᠨ ᠤ ᠪᠠᠷᠢᠯᠭ᠎ᠠ ᠶᠢᠨ ᠰᠦᠷᠦᠭᠵᠢᠯ ᠪᠣᠯᠤᠨ᠎ᠠ  ᠂ ᠮᠠᠨᠳᠧᠯᠠ ᠠᠭᠤᠯᠠᠨ ᠤ ᠬᠠᠳᠠᠨ ᠵᠢᠷᠤᠭ ᠪᠠ ᠠᠯᠠᠱᠠᠨ ᠠᠭᠤᠯᠠᠨ ᠤ ᠬᠠᠳᠠᠨ ᠵᠢᠷᠤᠭ ᠨᠢ ᠡᠷᠲᠡᠨ ᠤ ᠦᠶ᠎ᠡ ᠶᠢᠨ ᠡᠪᠦᠭᠡ ᠳᠡᠭᠡᠳᠦᠰ ᠪᠠ ᠨᠡᠭᠦᠳᠡᠯ ᠮᠠᠯᠵᠢᠯ ᠤᠨ ᠠᠮᠢᠳᠤᠷᠠᠯ ᠢ ᠲᠤᠰᠬᠠᠵᠤ᠂ ᠠᠮᠢᠳᠤ ᠮᠡᠲᠦ ᠬᠠᠷᠠᠭᠳᠠᠨ᠎ᠠ  ᠂ ᠵᠢᠦᠢ ᠶᠠᠨ ᠭᠤᠣᠯ ᠤᠨ ᠬᠥᠪᠡᠭᠡᠨ ᠳᠤ ᠲᠣᠣᠷᠠᠢ ᠶᠢᠨ ᠣᠢ ᠢᠭ᠍ᠴᠤᠷᠠᠵᠤ᠂ ᠲᠡᠮᠡᠭᠡ ᠬᠤᠨᠢ ᠰᠦᠷᠦᠭᠯᠡᠨ᠎ᠡ  ᠂ ᠭᠤᠪᠢ ᠶᠢᠨ ᠬᠠᠴᠢᠨ ᠴᠢᠯᠠᠭᠤ᠂ ᠮᠠᠨᠤ ᠪᠣᠯᠤᠨ ᠪᠣᠯᠣᠷ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠲᠠᠢ  ᠂ ᠬᠠᠷ᠎ᠠ ᠬᠤᠲᠠ ᠶᠢᠨ ᠪᠠᠭᠤᠷᠢ ᠪᠣᠯ ᠬᠠᠨ᠂ ᠳᠠᠩ᠂ ᠪᠠᠷᠠᠭᠤᠨ ᠰᠢᠶᠠ ᠪᠣᠯᠤᠨ ᠶᠤᠸᠠᠨ ᠤᠯᠤᠰ ᠤᠨ ᠴᠡᠷᠢᠭ ᠤᠨ ᠶᠠᠪᠤᠳᠠᠯ ᠤᠨ ᠴᠢᠬᠤᠯᠠ ᠪᠠᠯᠭᠠᠰᠤ᠂ ᠲᠣᠷᠭᠠᠨ ᠵᠠᠮ ᠤᠨ ᠴᠢᠬᠤᠯᠠ ᠪᠣᠭᠤᠮᠲᠠ ᠪᠠᠶᠢᠵᠤ ᠥᠩᠭᠡᠷᠡᠵᠡᠢ᠃ ᠳᠠᠩ ᠤᠯᠤᠰ ᠤᠨ ᠦᠶ᠎ᠡ ᠶᠢᠨ ᠠᠯᠳᠠᠷᠲᠤ ᠰᠢᠯᠦᠭᠴᠢᠨ ᠸᠠᠩ ᠸᠧᠢ᠂ ᠢᠲ᠋ᠠᠯᠢ ᠶᠢᠨ ᠠᠯᠳᠠᠷᠲᠤ ᠵᠢᠭᠤᠯᠴᠢᠨ ᠮᠠᠷᠺᠤ ᠫᠣᠯᠣ ᠪᠦᠷ ᠠᠳᠡ ᠮᠠᠰᠢ ᠰᠠᠶᠢᠨ ᠵᠦᠢᠯ ᠢ ᠦᠯᠡᠳᠡᠭᠡᠵᠦ ᠥᠩᠭᠡᠷᠡᠵᠡᠢ  ᠂ ᠳᠡᠯᠡᠬᠡᠢ ᠶᠢᠨ ᠰᠠᠨᠰᠠᠷ ᠤᠨ ᠭᠤᠷᠪᠠᠨ ᠲᠣᠮᠣ ᠲᠥᠪ ᠤᠨ ᠨᠢᠭᠡ ᠪᠣᠯᠬᠤ ᠳ᠋ᠦ᠋ᠩ ᠹᠧᠩ ᠰᠠᠨᠰᠠᠷ ᠤᠨ ᠠᠶᠠᠯᠠᠯ ᠤᠨ ᠬᠤᠲᠠ ᠠᠯᠠᠱᠠ ᠶᠢᠨ ᠬᠢᠵᠠᠭᠠᠷ ᠲᠤ ᠪᠣᠢ᠂ 《 ᠬᠤᠪᠢᠯᠭᠠᠨ ᠣᠩᠭᠤᠴᠠᠨ ᠤ ᠰᠢᠷᠢᠰ 》 ᠨᠢᠰᠬᠦ ᠣᠩᠭᠤᠴᠠ ᠶᠢ ᠠᠳᠡ ᠠᠮᠵᠢᠯᠲᠠ ᠲᠠᠢ ᠬᠠᠷᠪᠤᠨ ᠭᠠᠷᠭᠠᠵᠤ᠂ ᠡᠨᠡᠬᠦ ᠠᠭᠤᠳᠠᠮ ᠨᠤᠲᠤᠭ ᠲᠤ ᠰᠣᠨᠢᠨ ᠭᠠᠶᠢᠬᠠᠮᠰᠢᠭᠲᠤ ᠥᠩᠭᠡ ᠪᠣᠳᠤᠭ ᠨᠡᠮᠡᠷᠢᠯᠡᠭᠰᠡᠨ ᠪᠠᠶᠢᠨ᠎ᠠ᠃ ᠦᠬᠠᠢ ᠠᠴᠠ ᠮᠣᠷᠳᠠᠵᠤ᠂ ᠬᠠᠲᠤᠨ ᠭᠤᠣᠯ ᠢ ᠭᠡᠲᠦᠯᠵᠦ᠂ ᠠᠯᠠᠱᠠᠨ ᠠᠭᠤᠯᠠ ᠶᠢ ᠨᠡᠪᠲᠡᠯᠦᠨ ᠠᠯᠠᠱᠠ ᠵᠡᠭᠦᠨ ᠬᠤᠰᠢᠭᠤᠨ ᠳᠤ ᠣᠷᠣᠪᠠᠯ᠂ ᠳ᠋ᠢᠩ ᠶᠤᠸᠠᠨ ᠵᠢᠩ᠂ ᠠᠯᠠᠱᠠ ᠠᠭᠤᠯᠠ ᠶᠢᠨ ᠡᠮᠦᠨ᠎ᠡ ᠰᠦᠮ᠎ᠡ᠂ ᠬᠤᠶᠢᠲᠤ ᠬᠡᠶᠢᠳ ᠢᠶᠠᠷ ᠵᠤᠭᠠᠴᠠᠨ ᠦᠵᠡᠵᠦ ᠪᠣᠯᠤᠨ᠎ᠠ᠂ G7 ᠲᠦᠷᠭᠡᠨ ᠤ ᠵᠠᠮ ᠢᠶᠠᠷ ᠳᠠᠮᠵᠢᠨ ᠡᠯᠡᠰᠦᠨ ᠴᠦᠯ᠂ ᠭᠤᠪᠢ ᠪᠠᠷ ᠳᠠᠮᠵᠢᠨ ᠡᠵᠡᠨ᠎ᠡ ᠬᠤᠰᠢᠭᠤ ᠪᠠᠷ ᠬᠦᠷᠴᠦ᠂ ᠲᠣᠣᠷᠠᠢ ᠶᠢᠨ ᠣᠢ ᠶᠢᠨ ᠦᠵᠡᠮᠵᠢ ᠶᠢᠨ ᠣᠷᠣᠨ᠂ ᠵᠢᠦᠢ ᠶᠠᠨ ᠬᠠᠢ᠂ ᠴᠡᠭᠡ ᠪᠣᠭᠤᠮᠲᠠ᠂ ᠳ᠋ᠦ᠋ᠩ ᠹᠧᠩ ᠰᠠᠨᠰᠠᠷ ᠤᠨ ᠠᠶᠠᠯᠠᠯ ᠤᠨ ᠬᠤᠲᠠ ᠵᠡᠷᠭᠡ ᠮᠠᠰᠢ ᠣᠯᠠᠨ ᠠᠯᠳᠠᠷᠲᠤ ᠦᠵᠡᠮᠵᠢ ᠶᠢᠨ ᠣᠷᠣᠨ ᠢᠶᠠᠷ ᠲᠣᠭᠤᠷᠢᠨ ᠦᠵᠡᠵᠦ ᠪᠣᠯᠤᠨ᠎ᠠ᠂ ᠡᠨᠡ  ᠬᠦ ᠵᠤᠭᠠᠴᠠᠯ ᠤᠨ ᠱᠤᠭᠤᠮ ᠪᠣᠯ ᠤᠯᠤᠰ ᠤᠨ ᠳᠣᠲᠣᠭᠠᠳᠤᠬᠢ ᠥᠪᠡᠷᠲᠡᠭᠡᠨ ᠲᠡᠷᠭᠡ ᠵᠢᠯᠣᠭᠤᠳᠤᠨ ᠵᠤᠭᠠᠴᠠᠬᠤ ᠰᠢᠵᠢᠷ ᠠᠯᠲᠠᠨ ᠱᠤᠭᠤᠮ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2