ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠰᠦᠢ ᠸᠧᠢ ᠵᠢᠶᠦ᠋ᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/11/26
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠰᠦᠢ ᠸᠧᠢ ᠵᠢᠶᠦ᠋ᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ                             10 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠬᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠬᠥᠮᠥᠵᠢᠭᠦᠯᠬᠦ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶ᠋ᠢᠬᠤ᠂ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶ᠋ᠢᠲᠤᠷ ᠬᠢᠬᠦ︾ ᠰᠡᠳᠦᠪ ᠢᠶᠠᠷ ᠪᠥᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠠᠮᠢᠳᠤᠯᠢᠭ ᠰᠠᠶ᠋ᠢᠬᠠᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃              ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶ᠋ᠢᠯᠠᠩ ᠤᠨ ᠳᠠᠷᠤᠭ᠎ᠠ ᠸᠧᠢ ᠱᠤᠸᠠᠨ ᠱᠢ ᠵᠢᠴᠢ ᠬᠡᠰᠡᠭ ᠪᠦᠷᠢᠯᠳᠦᠭᠦᠨ ᠬᠤᠷᠠᠯ ᠳᠤ ᠣᠷᠣᠯᠴᠠᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠧ ᠵᠡᠷᠭᠡ ᠬᠤᠲᠠ ᠶᠢᠨ ᠤᠳᠤᠷᠢᠳᠤᠯᠭ᠎ᠠ ᠣᠷᠣᠯᠴᠠᠵᠠᠢ᠃              ᠰᠦᠢ ᠸᠧᠢ ᠵᠢᠶᠦ᠋ᠨ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ ᠡᠷᠭᠢᠴᠡᠭᠦᠯᠵᠦ᠂ ᠣᠳᠣᠬᠠᠨ ᠤ ᠪᠠᠶ᠋ᠢᠳᠠᠯ ᠳᠤ ᠭᠦᠨᠵᠡᠭᠡᠢ ᠨᠠᠷᠢᠯᠢᠭ ᠵᠠᠳᠠᠯᠤᠯᠲᠠ ᠬᠢᠵᠡᠢ᠃ ᠲᠡᠷᠡ᠂ ᠪᠢᠳᠡ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶ᠋ᠢᠯᠠᠭᠠᠨ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠵᠤ ᠪᠠᠶ᠋ᠢᠭ᠎ᠠ ᠬᠠᠯᠠᠮᠵᠢᠯᠠᠯ ᠪᠠ ᠬᠦᠰᠡᠯ ᠨᠠᠶ᠋ᠢᠳᠠᠯᠭ᠎ᠠ ᠶᠢ ᠭᠦᠨ ᠣᠶ᠋ᠢᠯᠠᠭᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠰᠡᠳᠬᠢᠯᠭᠡ ᠲᠠᠢ ᠪᠠᠷ ᠰᠤᠷᠤᠯᠴᠠᠵᠦ᠂ ᠬᠠᠷᠢᠭᠤᠴᠠᠯᠭ᠎ᠠ ᠲᠠᠢ ᠪᠠᠷ ᠠᠵᠢᠯᠯᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠡᠯ᠎ᠡ ᠵᠦᠢᠯ ᠤᠨ ᠠᠵᠢᠯ ᠢ ᠰᠠᠶ᠋ᠢᠲᠤᠷ ᠬᠢᠬᠦ ᠢᠲᠡᠭᠡᠯ ᠵᠣᠷᠢᠭ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠬᠡᠯᠡᠪᠡ᠃               ᠰᠦᠢ ᠸᠧᠢ ᠵᠢᠶᠦ᠋ᠨ᠂ ᠡᠷᠬᠡᠪᠰᠢ ᠪᠠᠲᠤ ᠴᠢᠩᠭ᠎ᠠ ᠪᠠᠷᠢᠮᠲᠠᠯᠠᠬᠤ ᠪᠠᠷ ᠴᠥᠬᠦᠷᠡᠰᠢ ᠦᠭᠡᠢ ᠴᠢᠷᠮᠠᠶ᠋ᠢᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶ᠋ᠢᠭᠠᠳ ᠬᠤᠶᠠᠷ ᠲᠣᠮᠣ ᠶᠠᠪᠤᠳᠠᠯ ᠢ ᠰᠠᠶ᠋ᠢᠲᠤᠷ ᠬᠢᠬᠦ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶ᠋ᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠤᠲᠤᠭ ᠤᠰᠤ ᠪᠠᠨ ᠰᠠᠬᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶ᠋ᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠯᠢᠳᠡᠭ ᠢ ᠪᠣᠶ᠋ᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶ᠋ᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶ᠋ᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶ᠋ᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶ᠋ᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶ᠋ᠢᠯᠭᠠᠵᠤ᠂ ᠵᠢᠰᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠲᠠᠯ᠎ᠠ ᠪᠠᠷ ᠤᠯᠠᠭᠠᠨᠴᠠᠪ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠪᠦᠬᠦ ᠬᠤᠳᠠ ᠶᠢᠨ ᠡᠯ᠎ᠡ ᠱᠠᠲᠤᠨ ᠤ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠦᠭᠡᠯᠡᠵᠦ᠂ ᠵᠣᠷᠢᠭᠲᠠᠢ ᠪᠠᠷ ᠬᠥᠮᠥᠨ ᠠᠴᠠ ᠡᠮᠦᠨ᠎ᠡ ᠰᠢᠨ᠎ᠡ ᠵᠠᠮ ᠢ ᠨᠡᠭᠡᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠬᠤᠶᠠᠷ  ᠲᠣᠮᠣ ᠶᠠᠪᠤᠳᠠᠯ ᠤᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃             ᠲᠤᠰᠬᠠᠢ ᠰᠡᠳᠦᠪᠲᠦ ᠨᠠᠮ ᠤᠨ ᠬᠢᠴᠢᠶᠡᠯ ᠢ ᠸᠢᠳᠢᠤ᠋ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ᠢᠷᠡᠯᠲᠡ᠄  ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2