ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/11/26
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ ᠬᠠᠮᠲᠤ ᠶᠢᠨ ᠰᠤᠷᠤᠯᠴᠠᠯᠭ᠎ᠠ ᠬᠢᠪᠡ                            11 ᠰᠠᠷ᠎ᠠ ᠶᠢᠨ 3 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠵᠢᠴᠢ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠵᠡᠷᠭᠡ ᠣᠶ᠋ᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠ ︽ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ︾ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠱᠦᠵᠢ ᠴᠢ ᠹᠧᠢ ᠶᠦᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃               ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶ᠋ᠢᠳᠠᠪᠤᠷᠢᠵᠢᠭᠤᠯᠵᠤ᠂ ᠲᠠᠯᠠᠪᠠᠢ ᠶᠢ ᠲᠣᠭᠲᠠᠪᠤᠷᠢᠵᠢᠭᠤᠯᠵᠤ᠂ ᠤᠨᠠᠯᠲᠠ ᠶᠢ ᠨᠡᠮᠡᠭᠳᠡᠭᠦᠯᠵᠦ᠂ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ᠃ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠤ ᠴᠢᠳᠠᠪᠤᠷᠢᠲᠠᠨ ᠤ ᠢᠨᠵᠧᠨᠧᠷᠢᠩ ᠤᠨ ᠪᠠᠶ᠋ᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠣᠶ᠋ᠢᠯᠠᠭᠠᠭᠳᠠᠬᠤᠨ ᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢ ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠨ᠂ ᠲᠣᠭᠲᠠᠭᠤᠨ ᠪᠠᠶ᠋ᠢᠳᠠᠯ ᠢ ᠬᠠᠮᠠᠭᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶ᠋ᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠢᠯ ᠤᠨ ᠡᠴᠦᠰ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠡᠭᠦᠰᠬᠡᠯ ᠤᠨ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶ᠋ᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                ᠬᠤᠷᠠᠯ ᠠᠴᠠ᠂ ᠵᠥᠪ ᠪᠤᠷᠤᠭᠤ ᠶᠢ ᠢᠯᠭᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠠᠷᠠᠭᠠᠯᠬᠢᠯᠠᠯ ᠤᠨ ᠴᠢᠨᠠᠷᠲᠠᠢ ᠰᠡᠳᠬᠢᠬᠦᠢ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠬᠦ᠂ ᠪᠠᠶ᠋ᠢᠯᠳᠤᠬᠤ ᠪᠣᠳᠣᠯᠭ᠎ᠠ ᠶᠢᠨ ᠴᠢᠨᠠᠷᠲᠠᠢ ᠪᠠᠶ᠋ᠢᠷᠢᠰᠢᠭᠤᠯᠬᠤ ᠶᠢ ᠴᠢᠬᠤᠯᠠᠴᠢᠯᠠᠵᠤ᠂ ᠵᠣᠷᠢᠭᠲᠠᠢ ᠪᠠᠷ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠳᠠᠪᠠᠭᠤᠯᠢᠭ ᠢ ᠪᠣᠶ᠋ᠢᠵᠢᠭᠤᠯᠵᠤ᠂ ᠠᠵᠤ ᠠᠬᠤᠢ ᠨᠡᠶ᠋ᠢᠭᠡᠮ ᠤᠨ ᠴᠢᠨᠠᠷ ᠰᠠᠶ᠋ᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶ᠋ᠢᠯᠡᠨ ᠠᠷᠢᠯᠭᠠᠬᠤ᠂ ᠳᠠᠷᠤᠯᠲᠠ ᠥᠷᠢᠰᠦᠯᠳᠦᠭᠡᠨ ᠢ ᠤᠭᠲᠤᠬᠤ ᠴᠠᠭᠠᠷᠠᠭᠰᠠᠨ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠴᠠᠭ ᠦᠶ᠎ᠡ ᠶᠢᠨ ᠬᠦᠨᠳᠦ ᠡᠭᠦᠷᠭᠡ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ᠢᠷᠡᠯᠲᠡ᠄  ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2