ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠶᠢ ᠠᠬᠢᠭᠤᠯᠬᠤ ᠲᠤᠬᠠᠢ ᠰᠤᠳᠤᠯᠪᠠ
ᠨᠡᠶᠢᠲᠡᠯᠡᠭᠰᠡᠨ ᠴᠠᠭ᠄
2023/11/26
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠶᠢ ᠠᠬᠢᠭᠤᠯᠬᠤ ᠲᠤᠬᠠᠢ ᠰᠤᠳᠤᠯᠪᠠ                            11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ᠭᠤᠣᠯ ᠰᠡᠳᠦᠪᠲᠦ ᠬᠥᠮᠦᠵᠢᠯ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠠᠶ᠋ᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ  ᠪᠠᠶᠢᠷᠢᠯᠠᠭᠤᠯᠵᠠᠢ ᠃                ᠰᠦᠢ ᠸᠧᠢ ᠵᠢᠶᠦ᠋ᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠰᠠᠶ᠋ᠢᠲᠤᠷ ᠠᠳᠬᠤᠵᠤ᠂ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ︽ᠪᠣᠳᠠᠲᠠᠢ︾ ᠪᠠᠶ᠋ᠢᠬᠤ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠲᠣᠭᠲᠠᠭᠠᠭᠰᠠᠨ ᠬᠥᠳᠡᠯᠭᠡᠭᠡᠨ ᠢ ᠰᠠᠶ᠋ᠢᠲᠤᠷ ᠬᠢᠵᠦ᠂ ᠥᠪᠡᠷ ᠢᠶᠠᠨ ᠰᠣᠩᠭᠤᠭᠰᠠᠨ ᠬᠥᠳᠡᠯᠭᠡᠭᠡᠨ ᠢ ᠣᠨᠴᠠᠯᠢᠭ ᠲᠠᠢ ᠪᠠᠶ᠋ᠢᠯᠭᠠᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶ᠋ᠢᠷᠡᠭᠦᠯᠦᠨ ᠪᠣᠳᠠᠲᠠᠢ ᠳᠤ ᠨᠠᠶ᠋ᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠪᠣᠳᠠᠲᠤ ᠦᠷ᠎ᠡ ᠪᠦᠲᠦᠮᠵᠢ ᠶᠢ ᠱᠠᠭᠠᠷᠳᠠᠵᠤ᠂ ᠲᠣᠭᠲᠠᠭᠠᠯ ᠢ ᠭᠦᠨᠵᠡᠭᠡᠢ ᠰᠤᠳᠤᠯᠤᠨ ᠰᠤᠷᠤᠯᠴᠠᠵᠤ᠂ ᠤᠯᠤᠰ ᠲᠦᠷᠦ ᠶᠢᠨ ᠤᠨᠤᠯ ᠢ ᠰᠤᠷᠤᠯᠴᠠᠬᠤ ᠮᠥᠷᠲᠡᠭᠡᠨ ᠲᠤᠬᠠᠶ᠋ᠢᠯᠠᠭᠰᠠᠨ ᠠᠵᠢᠯ ᠤᠨ ᠮᠡᠳᠡᠯᠭᠡ ᠶᠢ ᠴᠦ᠋ ᠰᠤᠷᠤᠯᠴᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠠᠶ᠋ᠢᠴᠠᠭᠠᠨ ᠰᠤᠳᠤᠯᠤᠯᠲᠠ ᠬᠢᠬᠦ ᠳᠤ ᠪᠣᠳᠠᠲᠠᠢ ᠶᠢ ᠱᠠᠭᠠᠷᠳᠠᠵᠤ᠂ ᠨᠡᠶ᠋ᠢᠭᠡᠮ ᠤᠨ ᠪᠠᠶ᠋ᠢᠳᠠᠯ ᠠᠷᠠᠳ ᠤᠨ ᠰᠠᠨᠠᠭ᠎ᠠ ᠶᠢ ᠦᠨᠡᠨ ᠬᠦ᠋ ᠲᠣᠳᠣᠷᠬᠠᠢ ᠣᠶ᠋ᠢᠯᠠᠭᠠᠵᠤ᠂ ᠪᠠᠶ᠋ᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨ ᠬᠦ᠋ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶ᠋ᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶ᠋ᠢᠴᠠᠭᠠᠨ ᠦᠵᠡᠵᠦ ᠴᠡᠭᠴᠡᠯᠡᠨ ᠰᠠᠶ᠋ᠢᠵᠢᠷᠠᠭᠤᠯᠬᠤ ᠳᠤ ᠦᠨᠡᠨ ᠪᠣᠳᠠᠲᠠᠢ ᠠᠰᠠᠭᠤᠳᠠᠯ ᠢ ᠬᠦᠨᠳᠡᠵᠤ᠂ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ ᠢ ᠴᠡᠭᠴᠡᠯᠡᠨ ᠰᠠᠶ᠋ᠢᠵᠢᠷᠠᠭᠤᠯᠵᠤ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠬᠡᠯᠡᠪᠡ ᠃               ᠰᠦᠢ ᠸᠧᠢ ᠵᠢᠶᠦ᠋ᠨ᠂ ᠦᠷ᠎ᠡ ᠳ᠋ᠦ᠋ᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶ᠋ᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠠᠷᠭ᠎ᠠ ᠪᠠᠷᠢᠯ ᠤᠨ ᠦᠷ᠎ᠡ ᠪᠦᠲᠦᠮᠵᠢ ᠶᠢ ᠳ᠋ᠦ᠋ᠩᠨᠡᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠲᠤᠬᠠᠢ ᠲᠣᠳᠣᠷᠬᠠᠢ ᠶᠠᠷᠢᠵᠤ᠂ ᠪᠣᠳᠠᠲᠠᠢ ᠶᠠᠷᠢᠵᠤ᠂ ᠠᠷᠠᠳ ᠣᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠠᠷᠭ᠎ᠠ ᠵᠠᠮ ᠢᠶᠠᠨ ᠣᠨᠣᠪᠴᠢᠲᠠᠢ ᠣᠯᠵᠤ᠂ ᠰᠢᠨ᠎ᠡ ᠵᠠᠮ ᠢ ᠴᠢᠷᠮᠠᠶ᠋ᠢᠨ ᠨᠡᠭᠡᠭᠡᠵᠦ᠂ ᠠᠵᠤ ᠦᠢᠯᠡᠰ ᠢ ᠪᠣᠶ᠋ᠢᠵᠢᠭᠤᠯᠵᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠲᠠᠪᠰᠢᠯᠳᠠ ᠶᠢ ᠴᠢᠷᠮᠠᠶ᠋ᠢᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶ᠋ᠢᠭᠡᠮ ᠤᠨ ᠴᠢᠨᠠᠷ ᠰᠠᠶ᠋ᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃       ᠯᠢ ᠶᠦᠩ᠂ ᠯᠢᠦ ᠭᠦᠸᠧ ᠭᠠᠩ ᠣᠷᠣᠯᠴᠠᠪᠠ᠃ᠢᠷᠡᠯᠲᠡ᠄  ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2