ᠤᠭ ᠰᠠᠨᠠᠭ᠎ᠠ  ᠪᠠᠨ ᠪᠠᠲᠤ ᠰᠠᠬᠢᠵᠤ ᠬᠠᠷᠢᠭᠤᠴᠠᠯᠭ᠎ᠠ ᠡᠭᠦᠷᠭᠡᠯᠡᠯ ᠪᠠᠨ ᠦᠢᠯᠡᠳᠦᠯᠭᠡᠵᠢᠭᠦᠯᠦᠨᠡᠮ
ᠨᠡᠶᠢᠲᠡᠯᠡᠭᠰᠡᠨ ᠴᠠᠭ᠄
2023/11/3
                            ᠡᠨᠡ ᠵᠢᠯ  ᠯᠢ ᠰᠢᠨ 《 ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠬᠤᠪᠢ ᠬᠥᠮᠦᠨ 》 ᠤ ᠢᠷᠠᠭᠤ ᠠᠯᠳᠠᠷ ᠢ ᠬᠦᠷᠲᠡᠭᠰᠡᠨ᠃          30 ᠭᠠᠷᠤᠢ ᠵᠢᠯ ᠤᠨ ᠲᠤᠷᠰᠢ᠂ ᠯᠢ ᠰᠢᠨ  ᠴᠢᠩ ᠰᠡᠳᠬᠢᠯ ᠠᠴᠠ ᠪᠠᠨ ᠴᠢᠷᠮᠠᠶᠢᠨ᠂ ᠪᠢᠴᠢᠭ ᠵᠢᠭᠠᠵᠤ ᠬᠥᠮᠦᠨ ᠬᠥᠮᠦᠵᠢᠭᠦᠯᠵᠦ᠂《 ᠪᠢᠴᠢᠭ ᠵᠢᠭᠠᠵᠤ ᠬᠥᠮᠦᠨ ᠢ ᠬᠥᠮᠦᠵᠢᠭᠦᠯᠬᠦ 》 ᠢᠷᠠᠭᠤ ᠠᠯᠳᠠᠷᠲᠤ ᠡᠭᠦᠷᠭᠡ  ᠪᠠᠨ ᠪᠠᠲᠤ ᠴᠡᠭᠡᠵᠢᠯᠡᠵᠦ᠂ ᠥᠪᠡᠷ ᠢ ᠪᠠᠨ ᠴᠢᠩᠭ᠎ᠠ ᠱᠠᠭᠠᠷᠳᠠᠵᠤ᠂ ᠰᠢᠷᠭᠠᠭᠤ ᠬᠠᠲᠠᠭᠤᠵᠢᠯᠲᠠᠢ  ᠠᠵᠢᠯᠯᠠᠵᠤ᠂ ᠠᠵᠢᠯ ᠤᠨ ᠪᠠᠶᠢᠷᠢᠨ ᠳᠤ ᠪᠦᠬᠦ ᠰᠡᠳᠬᠢᠯ ᠢᠶᠠᠨ ᠵᠣᠷᠢᠭᠤᠯᠵᠤ᠂  ᠪᠠᠭᠰᠢ  ᠶᠢᠨ  ᠪᠣᠯᠪᠠᠰᠤᠷᠠᠯ᠂ ᠰᠤᠷᠭᠠᠯᠲᠠ ᠶᠢᠨ ᠰᠢᠯᠢᠳᠡᠭ ᠦᠯᠢᠭᠡᠷ ᠵᠢᠱᠢᠶ᠎ᠡ ᠦᠵᠡᠭᠦᠯᠵᠦ᠂ ᠤᠷᠢᠳ ᠬᠤᠵᠢᠳ᠂ ᠰᠢᠯᠢᠳᠡᠭ ᠪᠠᠭᠰᠢ᠂ ᠬᠤᠰᠢᠭᠤᠨ ᠤ ᠳᠡᠰ ᠤᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ  ᠵᠡᠷᠭᠡ ᠢᠷᠠᠭᠤ ᠠᠯᠳᠠᠷ ᠢ ᠬᠦᠷᠲᠡᠵᠦ᠂ ᠴᠥᠭᠡᠨ ᠲᠣᠭᠠᠲᠤ ᠦᠨᠳᠦᠰᠦᠲᠡᠨ ᠤ ᠨᠢᠭᠡᠨ ᠪᠠᠭᠰᠢ ᠪᠣᠯᠤᠭᠰᠠᠨ ᠤ ᠬᠤᠪᠢ ᠳᠤ᠂ ᠲᠡᠷᠡ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ  ᠤᠶᠢᠯᠠᠭᠠᠵᠤ᠂ ᠦᠨᠳᠦᠰᠦᠲᠡᠨ ᠤ ᠪᠦᠯᠬᠦᠮᠳᠡᠯ ᠢ ᠢᠮᠠᠭᠲᠠ ᠰᠡᠳᠬᠢᠯ ᠳᠡᠭᠡᠨ ᠪᠣᠳᠣᠵᠤ᠂  ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠭᠠᠳ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠳᠠᠭᠤᠷᠢᠶᠠᠯ  ᠦᠵᠡᠭᠦᠯᠵᠦ ᠶᠠᠪᠤᠭᠰᠠᠨ ᠪᠠᠶᠢᠨ᠎ᠠ᠃ᠢᠷᠡᠯᠳᠡ᠄ ᠰᠤᠷᠪᠤᠯᠵᠢᠯᠠᠭᠴᠢ᠄    ᠰᠤᠷᠤᠨ᠎ᠠ   ᠳ᠋ᠦᠩ ᠵᠢᠩ   ᠵᠧᠦ ᠰᠢᠶᠣᠣ ᠯᠢᠨ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2