ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ᠄ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ | ᠪᠠᠶ᠋ᠢᠭᠤᠯᠤᠯᠲᠠ ᠶᠢ ᠴᠢᠩᠭᠠᠳᠬᠠᠨ ᠠᠰᠢᠭᠲᠠᠢ ᠬᠠᠤᠯᠢᠵᠢᠯ ᠤᠨ ᠨᠥᠬᠦᠴᠡᠯ ᠪᠠ ᠭᠠᠳᠠᠭᠠᠳᠤ ᠣᠷᠴᠢᠨ ᠲᠣᠭᠤᠷᠢᠨ ᠢ ᠪᠤᠢ | ᠪᠤᠯᠭᠠᠬᠤ ᠬᠡᠷᠡᠭᠲᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 11 ᠰᠠᠷ᠎ᠠ ᠶᠢᠨ 27 ᠤ ᠦᠳᠡ ᠶᠢᠨ ᠬᠤᠶ᠋ᠢᠨᠠ ᠭᠠᠳᠠᠭᠠᠳᠤ ᠲᠠᠢ | ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠠᠯᠤᠰ ᠭᠡᠳᠦ ᠶᠢᠨ | ᠬᠡᠷᠡᠭᠴᠡᠭᠡ ᠪᠤᠯᠬᠤ ᠪᠠᠷ ᠪᠠᠷᠠᠬᠤ ᠦᠭᠡᠢ᠂ ᠪᠠᠰᠠ ᠴᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠲᠤᠯᠭᠠᠮ ᠡᠭᠦᠷᠭᠡ ᠪᠣᠯᠣᠨ᠎ᠠ᠃ | ᠤᠯᠤᠰ ᠤᠨ ᠳᠣᠲᠣᠭᠠᠳᠤ ᠪᠠ ᠤᠯᠠᠨ ᠤᠯᠤᠰ ᠭᠡᠬᠦ ᠬᠤᠶᠠᠷ ᠶᠡᠭᠡ ᠲᠠᠯ᠎ᠠ ᠶᠢ ᠨᠡᠩ ᠰᠠᠶᠢᠳᠤᠷ ᠨᠢᠭᠡᠳᠦᠯᠲᠡᠢ | ᠲᠥᠯᠥᠪᠵᠢᠭᠦᠯᠬᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠳᠤᠷ ᠨᠢᠭᠡᠳᠦᠯᠲᠡᠢ ᠲᠥᠯᠥᠪᠵᠢᠭᠦᠯᠬᠦ | ᠥᠨᠳᠥᠷᠴᠡ ᠠᠴᠠ᠂ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠠᠵᠢᠯ ᠢ ᠰᠠᠶ᠋ᠢᠲᠤᠷ ᠬᠢᠬᠦ ᠶᠢᠨ ᠴᠢᠬᠤᠯᠠ ᠴᠢᠨᠠᠷ | ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠴᠢᠨᠠᠷ ᠰᠠᠶ᠋ᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠣᠯᠣᠨ | ᠴᠢᠳᠠᠪᠤᠷᠢ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ | ᠠᠶᠠᠯᠠᠬᠤ ᠳᠤ ᠠᠰᠢᠭᠲᠠᠢ ᠬᠠᠤᠯᠢᠵᠢᠯ ᠤᠨ ᠨᠥᠬᠦᠴᠡᠯ ᠪᠣᠯᠣᠨ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠦᠬᠠᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠬᠤᠸᠠᠩ ᠬᠤᠢ ᠺᠠᠩ ᠨᠥᠬᠦᠷ ᠡᠨᠡ | ᠠᠰᠠᠭᠤᠳᠠᠯ ᠤᠨ ᠲᠤᠬᠠᠢ ᠲᠠᠶ᠋ᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠨᠥᠬᠦᠳ ᠲᠠᠶ᠋ᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ | ᠂ ᠬᠠᠤᠯᠢ ᠴᠠᠭᠠᠵᠠ ᠪᠣᠯ ᠨᠡᠶ᠋ᠢᠭᠡᠮ ᠤᠨ ᠠᠮᠢᠳᠤᠷᠠᠯ᠂ ᠤᠯᠤᠰ ᠤᠨ ᠵᠠᠰᠠᠯᠲᠠ ᠶᠢᠨ ᠪᠠᠷᠢᠮᠵᠢᠶ᠎ᠠ ᠮᠥᠨ᠃ ᠭᠠᠳᠠᠭᠠᠳᠤ ᠲᠠᠢ | ᠬᠤᠯᠪᠣᠭᠳᠠᠬᠤ ᠬᠠᠤᠯᠢ ᠳᠦᠷᠢᠮ ᠪᠣᠯ ᠤᠯᠤᠰ ᠤᠨ ᠬᠠᠤᠯᠢ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠠᠭᠤᠷᠢ ᠮᠥᠨ᠂ ᠲᠡᠷᠡ ᠦᠨᠳᠦᠰᠦ ᠶᠢ ᠪᠠᠬᠢᠵᠢᠭᠦᠯᠵᠦ᠂ ᠵᠢᠱᠢᠯᠲᠡ ᠶᠢ | ᠲᠣᠭᠲᠠᠪᠤᠷᠢᠵᠢᠭᠤᠯᠤᠨ᠂ ᠠᠯᠤᠰ ᠭᠡᠳᠤ ᠳᠤ ᠠᠰᠢᠭᠲᠠᠢ ᠪᠠᠶ᠋ᠢᠯᠭᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠳᠠᠭ᠃ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ | ᠠᠶᠠᠨ ᠳᠤ᠂ ᠡᠷᠬᠡᠪᠰᠢ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ | ᠪᠦᠲᠦᠭᠡᠯᠴᠢ ᠵᠣᠷᠢᠭ ᠰᠠᠨᠠᠭ᠎ᠠ ᠪᠠᠷ ᠮᠠᠨ ᠤ ᠤᠯᠤᠰ ᠤᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠳᠤᠮᠳᠠᠳᠤ ᠤᠯᠤᠰ ᠤᠨ ᠣᠨᠴᠠᠯᠢᠭ ᠲᠠᠢ ᠨᠡᠶ᠋ᠢᠭᠡᠮ | ᠵᠢᠷᠤᠮ ᠤᠨ ᠬᠠᠤᠯᠢᠵᠢᠯ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠳᠤ ᠬᠤᠯᠪᠣᠭᠳᠠᠵᠤ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠪᠣᠯᠣᠨ ᠭᠠᠳᠠᠭᠠᠳᠤ | ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠬᠤᠯᠪᠣᠭᠳᠠᠨ᠎ᠠ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠢ | ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠬᠠᠤᠯᠢᠵᠢᠯ ᠤᠨ ᠠᠷᠭ᠎ᠠ ᠮᠠᠶ᠋ᠢᠭ ᠢᠶᠠᠷ ᠤᠯᠤᠰ ᠣᠷᠣᠨ ᠪᠠ ᠠᠷᠠᠳ | ᠲᠦᠮᠡᠨ ᠤ ᠠᠰᠢᠭ ᠲᠤᠰᠠ ᠶᠢ ᠨᠡᠩ ᠰᠠᠶᠢᠳᠤᠷ ᠬᠠᠮᠠᠭᠠᠯᠠᠵᠤ᠂ ᠤᠯᠠᠨ ᠤᠯᠤᠰ ᠤᠨ ᠬᠠᠤᠯᠢᠵᠢᠯ ᠤᠨ ᠲᠠᠪᠰᠢᠯᠳᠠ ᠶᠢ | ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ | ᠲᠥᠯᠥᠭᠡ ᠶᠤᠮ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠪᠣᠯ ᠬᠤᠯᠪᠣᠭᠳᠠᠬᠤ ᠲᠠᠯ᠎ᠠ ᠥᠷᠭᠡᠨ᠂ | ᠬᠤᠯᠪᠣᠯᠳᠤᠨ ᠬᠥᠳᠡᠯᠦᠯᠴᠡᠬᠦ ᠴᠢᠨᠠᠷ ᠢᠶᠠᠷ ᠴᠢᠩᠭ᠎ᠠ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠤᠨ ᠳᠣᠲᠣᠭᠠᠳᠤ | ᠪᠠ ᠤᠯᠠᠨ ᠤᠯᠤᠰ ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠬᠤ᠂ ᠪᠦᠭᠦ ᠲᠠᠯ᠎ᠠ ᠶᠢᠨ ᠴᠢᠨᠠᠷᠲᠠᠢ ᠲᠥᠯᠥᠪᠯᠡᠬᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠬᠤ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠪᠠᠷᠢᠮᠲᠠᠯᠠᠵᠤ᠂ ᠦᠵᠦ | ᠲᠥᠯᠥᠪᠯᠡᠭᠡ ᠶᠢ ᠴᠢᠩᠭᠠᠳᠬᠠᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠶᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ | ᠬᠠᠤᠯᠢ ᠪᠠᠷᠢᠬᠤ᠂ ᠬᠠᠤᠯᠢ ᠶᠢ ᠵᠢᠷᠤᠮᠯᠠᠬᠤ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ | ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠶᠡᠭᠡ ᠬᠠᠮᠵᠢᠯᠴᠠᠭᠰᠠᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ᠃ ᠬᠠᠤᠯᠢ ᠲᠣᠭᠲᠠᠭᠠᠬᠤ ᠶᠢ ᠤᠷᠢᠳ ᠢᠶᠠᠷ ᠬᠡᠷᠡᠭᠵᠢᠭᠦᠯᠵᠦ᠂ ᠲᠣᠭᠲᠠᠭᠠᠬᠤ ᠵᠠᠰᠠᠪᠤᠷᠢ | ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠰᠢᠰᠲ᠋ᠧᠮ ᠲᠠᠢ ᠪᠦᠷᠢᠨ ᠲᠥᠬᠦᠷ ᠭᠠᠳᠠᠭᠠᠳᠤ ᠲᠠᠢ ᠬᠤᠯᠪᠣᠭᠳᠠᠬᠤ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠬᠦ | ᠬᠡᠷᠡᠭᠲᠡᠢ᠃ ᠬᠠᠷᠢᠯᠴᠠᠨ ᠬᠠᠮᠵᠢᠯᠴᠠᠭᠰᠠᠨ ᠥᠨᠳᠥᠷ ᠪᠦᠲᠦᠮᠵᠢᠲᠡᠢ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ | ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠷ᠎ᠡ | ᠠᠰᠢᠭ ᠢ ᠳᠡᠭᠡᠭᠰᠢᠯᠡᠭᠦᠯᠵᠦ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠰᠢᠭᠦᠨ ᠲᠠᠰᠤᠯᠬᠤ ᠪᠠᠶ᠋ᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠶᠢᠨ ᠤᠯᠠᠨ ᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ | ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠤᠯᠠᠨ ᠤᠯᠤᠰ ᠤᠨ ᠲᠡᠷᠢᠭᠦᠨ ᠵᠡᠷᠭᠡ ᠶᠢᠨ ᠬᠥᠨᠳᠡᠯᠡᠨ ᠠᠴᠠ ᠲᠠᠰᠤᠯᠬᠤ | ᠨᠢᠭᠡ ᠪᠦᠯᠦᠭ ᠪᠠᠶᠢᠭᠤᠯᠤᠯᠵᠢ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠢ ᠪᠤᠶᠢᠵᠢᠭᠤᠯᠬᠤ ᠬᠡᠷᠡᠭᠲᠡᠢ᠃ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠤᠨᠰᠦ᠋ᠯ ᠤᠨ | ᠬᠠᠮᠠᠭᠠᠯᠠᠯᠲᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢ | ᠬᠠᠮᠠᠭᠠᠯᠠᠬᠤ ᠬᠠᠤᠯᠢᠵᠢᠯ ᠤᠨ ᠠᠮᠤᠷ ᠲᠦᠪᠰᠢᠨ ᠤ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠲᠣᠭᠲᠠᠭᠠᠯ ᠳᠤ ᠨᠡᠶᠢᠴᠡᠬᠦ ᠤᠬᠠᠮᠰᠠᠷ ᠢᠶᠠᠨ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠳ᠂ᠠᠵᠤ | ᠠᠬᠤᠶᠢᠯᠠᠯ ᠤᠨ ︽ᠭᠠᠳᠠᠭᠰᠢ ᠭᠠᠷᠬᠤ︾ ᠶᠠᠪᠤᠴᠠ ᠳᠤ ᠲᠤᠬᠠᠢ ᠶᠢᠨ ᠭᠠᠵᠠᠷ ᠤᠨ ᠬᠠᠤᠯᠢ ᠲᠣᠭᠲᠠᠭᠠᠯ ᠪᠠ ᠵᠠᠩ ᠳᠠᠳᠬᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠬᠤ᠂ ᠬᠠᠤᠯᠢᠵᠢᠯ ᠪᠠ ᠳᠦᠷᠢᠮ ᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ | ᠡᠷᠡᠰ ᠬᠠᠮᠠᠭᠠᠯᠠᠵᠤ᠂ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠠᠨ | ᠤᠯᠤᠰ ᠤᠨ ᠬᠠᠷᠢᠯᠴᠠᠭ᠎ᠠ ᠶᠢᠨ ᠬᠠᠤᠯᠢᠵᠢᠯᠲᠠ ᠶᠢ ᠠᠬᠢᠭᠤᠯᠬᠤ ᠬᠡᠷᠡᠭᠲᠡᠢ᠃ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ | ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠤᠯᠠᠨ | ᠤᠯᠤᠰ ᠤᠨ ᠰᠠᠶᠢᠨ ᠬᠠᠤᠯᠢ ᠪᠠᠷ ᠪᠦᠭᠦ ᠪᠥᠮᠪᠥᠷᠴᠡᠭ ᠤᠨ ᠴᠢᠳᠠᠮᠠᠭᠠᠢ ᠵᠠᠰᠠᠯᠲᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠤᠯᠢᠵᠢᠯ ᠨᠡᠭᠡᠭᠡᠯᠲᠡ ᠲᠠᠢ ᠬᠠᠮᠲᠤ ᠤᠷᠤᠭᠰᠢᠯᠠᠳᠠᠭ᠂ ᠭᠠᠳᠠᠭᠠᠳᠤ ᠨᠡᠭᠡᠭᠡᠯᠲᠡ ᠴᠢᠨᠠᠭᠰᠢᠳᠠ | ᠠᠬᠢᠪᠠᠯ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ ᠪᠠᠰᠠ ᠴᠢᠨᠠᠭᠰᠢᠳᠠ ᠠᠬᠢᠭᠤᠯᠬᠤ ᠬᠡᠷᠡᠭᠲᠡᠢ᠃ | ᠬᠠᠤᠯᠢᠵᠢᠯ ᠤᠨ ᠰᠠᠭᠤᠷᠢᠨ ᠳᠡᠭᠡᠷ᠎ᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ | ᠂ ᠨᠡᠭᠡᠭᠡᠯᠲᠡ ᠶᠢ ᠥᠷᠭᠡᠳᠬᠡᠬᠦ ᠳᠤᠮᠳᠠ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ | ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ | ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠂ ᠢᠯᠡ ᠲᠣᠳᠣ | ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠥᠮᠴᠢᠯᠡᠯ ᠤᠨ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠤᠯᠠᠨ ᠤᠯᠤᠰ ᠤᠨ ᠬᠤᠶᠠᠷ ᠲᠦᠷᠦᠯ ᠤᠨ ᠳᠦᠷᠢᠮ ᠢ ᠰᠠᠶᠢᠳᠤᠷ | ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠢᠳᠡᠪᠬᠢᠲᠡᠢ ᠰᠢᠩᠭᠡᠬᠡᠨ ᠠᠪᠴᠤ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠠᠷᠠᠯᠵᠢᠶ᠎ᠠ ᠪᠣᠯᠣᠨ ᠪᠡᠯᠡ | ᠣᠷᠣᠭᠤᠯᠤᠯᠲᠠ ᠶᠢᠨ ᠴᠢᠯᠦᠭᠡᠲᠡᠢ ᠪᠠᠶᠢᠬᠤ ᠪᠠ ᠳᠥᠳᠠᠵᠢᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠥᠨᠳᠥᠷ | ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶ᠋ᠢᠭᠤᠯᠤᠮᠵᠢ ᠶᠢ ᠪᠠᠶᠢᠭᠤᠯᠬᠤ ᠬᠡᠷᠡᠭᠲᠡᠢ᠃ | ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ | ᠵᠡᠷᠭᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ ᠪᠣᠯᠪᠠᠰᠤᠷᠠᠩᠭᠤᠢ | ᠲᠤᠷᠰᠢᠯᠭ᠎ᠠ ᠶᠢ ᠴᠠᠭ ᠲᠤᠬᠠᠢ ᠳᠤᠨᠢ ᠬᠠᠤᠯᠢ ᠴᠠᠭᠠᠵᠠ ᠪᠣᠯᠭᠠᠨ ᠳᠡᠭᠡᠭᠰᠢᠯᠡᠭᠦᠯᠵᠦ᠂ ᠨᠡᠭᠡᠭᠡᠯᠲᠡ ᠶᠢᠨ ᠲᠡᠰ ᠳᠠᠪᠬᠤᠷᠭ᠎ᠠ | ᠨᠡᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠨᠥᠯᠥᠭᠡᠯᠡᠬᠦ ᠦᠢᠯᠡᠳᠦᠯ ᠨᠡᠩ ᠴᠢᠩᠭ᠎ᠠ | ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ᠃ ᠨᠡᠭᠡᠭᠡᠯᠲᠡ ᠶᠢᠨ ᠠᠮᠤᠷ ᠲᠦᠪᠰᠢᠨ ᠢ | ᠬᠠᠤᠯᠢ ᠶᠣᠰᠣᠭᠠᠷ ᠬᠠᠮᠠᠭᠠᠯᠠᠬᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠶᠢᠨ | ᠬᠥᠮᠥᠨ ᠤ ᠳᠤᠮᠳᠠᠳᠤ ᠤᠯᠤᠰ ᠲᠤ ᠠᠮᠢᠳᠤᠷᠠᠬᠤ ᠳᠤ ᠲᠦᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ | ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶ᠋ᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠶᠣᠰᠣ ᠰᠤᠷᠲᠠᠬᠤᠨ ᠬᠠᠤᠯᠢ | ᠴᠠᠭᠠᠵᠠ ᠶᠢ ᠵᠡᠷᠭᠡ ᠪᠠᠷ ᠰᠤᠷᠬᠤ ᠶᠢ ᠪᠠᠷᠢᠮᠲᠠᠯᠠᠵᠤ᠂ ᠰᠢᠨᠵᠢᠯᠡᠭᠡᠨ ᠤ ᠰᠠᠯᠠᠭᠠᠨ ᠤ ᠪᠠᠶ᠋ᠢᠭᠤᠯᠤᠯᠲᠠ ᠶᠢ ᠴᠢᠩᠭᠠᠳᠬᠠᠵᠤ᠂ | ᠬᠠᠤᠯᠢ ᠶᠢᠨ ᠤᠬᠠᠭᠠᠨ ᠤ ᠬᠥᠮᠦᠵᠢᠯ ᠢ ᠰᠠᠶᠢᠳᠤᠷ ᠡᠷᠭᠢᠯᠡᠵᠦ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠰᠠᠨ | ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠤᠯᠤᠰ ᠲᠦᠷᠦ ᠶᠢᠨ ᠵᠣᠭᠰᠣᠯᠲᠠ ᠡᠷᠡᠰ ᠪᠠᠲᠤ᠂ | ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠳᠤ ᠴᠠᠭᠠᠷᠠᠭᠰᠠᠨ᠂ ᠤᠯᠠᠨ ᠤᠯᠤᠰ ᠤᠨ ᠳᠦᠷᠢᠮ ᠢ ᠨᠡᠪᠲᠡᠷᠬᠡᠢ ᠮᠡᠳᠡᠬᠦ᠂ | ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠪᠣᠳᠠᠲᠤ ᠶᠠᠪᠤᠳᠠᠯ ᠳᠤ ᠨᠡᠪᠲᠡᠷᠡᠭᠰᠡᠨ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠴᠢᠳᠠᠪᠤᠷᠢᠲᠠᠨ ᠢ ᠡᠷᠲᠡᠬᠡᠨ ᠬᠥᠮᠥᠵᠢᠭᠦᠯᠦᠨ ᠭᠠᠷᠭᠠᠬᠤ ᠬᠡᠷᠡᠭᠲᠡᠢ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ | ᠭᠠᠳᠠᠭᠠᠳᠤ ᠲᠠᠢ ᠬᠤᠯᠪᠣᠭᠳᠠᠬᠤ ᠳᠡᠭᠡᠳᠦ ᠲᠠᠰ ᠤᠨ ᠬᠠᠤᠯᠢᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠨᠥᠭᠡᠴᠡᠯᠡᠬᠦ | ᠠᠵᠢᠯ ᠢ ᠰᠠᠶᠢᠳᠤᠷ ᠬᠢᠬᠦ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠺᠠᠳ᠋ᠷ ᠤᠨ ᠡᠩᠨᠡᠭᠡ ᠶᠢᠨ ᠬᠠᠤᠯᠢᠵᠢᠯ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶ᠋ᠢᠵᠢᠭᠰᠠᠨ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷ | ᠲᠦᠷᠦᠭᠦᠯᠡᠨ ᠬᠠᠤᠯᠢ ᠶᠢ ᠭᠦᠨᠳᠦᠳᠬᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨᠰᠡᠳᠬᠢᠬᠦᠢ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨᠦᠨᠡᠨᠬᠦ᠋ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠤᠯᠢᠵᠢᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠶᠢᠯᠠᠭᠠᠭᠳᠠᠬᠤᠨ᠂ ᠵᠣᠷᠢᠯᠲᠠ ᠪᠣᠯᠣᠨ ᠠᠮᠵᠢᠯᠲᠠ ᠲᠠᠢ ᠦᠢᠯᠡᠳᠦᠯᠭᠡ ᠶᠢ | ᠢᠳᠡᠪᠬᠢᠲᠡᠢ ᠲᠠᠶᠢᠯᠪᠤᠷᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠠᠤᠯᠢᠵᠢᠯ ᠤᠨ ᠦᠯᠢᠭᠡᠷ ᠢ ᠰᠠᠶᠢᠳᠤᠷ | ᠶᠠᠷᠢᠬᠤ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠪᠠ ᠦᠢᠯᠡᠳᠦᠯᠭᠡ ᠶᠢᠨ ᠬᠤᠰᠢᠭᠤᠷᠠᠯ | ᠰᠡᠳᠦᠪ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠭᠠᠳᠠᠭᠠᠳᠤ | ᠠᠭᠤᠰᠤᠯᠴᠠᠨ ᠨᠡᠪᠲᠡᠷᠡᠯᠴᠡᠭᠰᠡᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠤᠨ ᠰᠢᠰᠲ᠋ᠧᠮ ᠪᠠ ᠦᠭᠡ ᠬᠡᠯᠡᠬᠦ | ᠰᠢᠰᠲ᠋ᠧᠮ ᠢ ᠪᠠᠶᠢᠭᠤᠯᠵᠤ᠂ ᠮᠠᠨ ᠤ ᠤᠯᠤᠰ ᠤᠨ ᠬᠠᠤᠯᠢᠵᠢᠯ ᠤᠨ ᠲᠣᠮᠣ ᠤᠯᠤᠰ᠂ ᠪᠣᠯᠪᠠᠰᠤᠨ ᠤ ᠲᠣᠮᠣ ᠤᠯᠤᠰ ᠤᠨ | ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠶᠢᠨ ᠬᠠᠤᠯᠢ ᠶᠢᠨ ᠰᠢᠰᠲ᠋ᠧᠮ ᠪᠣᠯ ᠥᠨᠢ ᠤᠳᠠᠭᠠᠨ | ᠤᠯᠠᠮᠵᠢᠯᠠᠯ ᠲᠠᠢ ᠶᠤᠮ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ ᠡᠯᠪᠡᠭ ᠪᠠᠶᠠᠯᠢᠭ | ᠬᠠᠤᠯᠢᠵᠢᠯ ᠤᠨ ᠦᠵᠡᠯ ᠰᠠᠨᠠᠭ᠎ᠠ ᠪᠠ ᠭᠦᠨ ᠭᠦᠨᠵᠡᠭᠡᠢ ᠤᠯᠤᠰ ᠲᠦᠷᠦ ᠶᠢᠨ ᠤᠶᠤᠨ ᠤᠬᠠᠭᠠᠨ ᠠᠭᠤᠯᠤᠭᠳᠠᠵᠤ ᠪᠠᠶᠢᠳᠤᠭ | ᠂ ᠲᠡᠷᠡ ᠪᠣᠯ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠮᠥᠨ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ | ᠴᠠᠭᠠᠵᠠ ᠶᠢᠨ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠵᠤ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ | ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠬᠠᠤᠯᠢᠵᠢᠯ ᠤᠨ ᠪᠣᠯᠪᠠᠰᠤᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ | ᠣᠯᠭᠤᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | ᠳᠡᠪᠰᠢᠭᠦᠯᠦᠭᠴᠢ᠄ ᠲᠡᠷᠭᠡᠯ | | |