ᠮᠠᠨ ᠤ ᠬᠤᠰᠢᠭᠤ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠪᠦᠲᠦᠭᠡᠨ  ᠪᠠᠶᠢᠭᠤᠯᠤᠨᠠᠮ
ᠨᠡᠶᠢᠲᠡᠯᠡᠭᠰᠡᠨ ᠴᠠᠭ᠄
2023/11/8
          ᠮᠠᠨ ᠤ ᠬᠤᠰᠢᠭᠤ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠪᠦᠲᠦᠭᠡᠨ  ᠪᠠᠶᠢᠭᠤᠯᠤᠨᠠᠮ           ᠣᠶᠢᠷ᠎ᠠ ᠶᠢᠨ ᠵᠢᠯ᠂ ᠮᠠᠨ ᠤ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠲᠤᠬᠠᠢ ᠴᠢᠬᠤᠯᠠ ᠶᠠᠷᠢᠶᠠᠨ  ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠬᠢᠯᠢ ᠬᠢᠵᠠᠭᠠᠷ ᠣᠷᠣᠨ᠂ ᠬᠢᠯᠢ ᠬᠢᠵᠠᠭᠠᠷ ᠤᠨ ᠠᠵᠢᠯ ᠢ ᠴᠢᠩᠭᠠᠳᠬᠠᠬᠤ ᠲᠤᠬᠠᠢ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠬᠢᠯᠢ ᠬᠢᠵᠠᠭᠠᠷ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ  ᠪᠠᠶᠢᠭᠤᠯᠵᠤ ᠪᠠᠶᠢᠨ᠎ᠠ᠃           ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠴᠣᠭᠴᠠᠯᠠᠬᠤ ᠰᠢᠨ᠎ᠡ ᠠᠶᠠᠨ ᠳᠤ᠂ ᠮᠠᠨ ᠤ ᠬᠤᠰᠢᠭᠤ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠬᠥᠭᠵᠢᠯᠲᠡ ᠶᠢᠨ 《 ᠬᠠᠮᠤᠭ ᠡᠴᠦᠰ ᠤᠨ ᠨᠢᠭᠡ ᠺᠢᠯᠤᠮᠧᠲᠷ 》 ᠢ ᠴᠢᠷᠮᠠᠶᠢᠨ  ᠪᠠᠶᠠᠯᠡᠭᠦᠯᠵᠤ᠂ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠥᠬᠡᠢ ᠰᠠᠶᠢᠵᠢᠷᠠᠭᠤᠯᠤᠨ᠂ ᠬᠢᠯᠢ ᠶᠢᠨ ᠠᠷᠠᠳ ᠤᠨ ᠵᠣᠯ ᠵᠢᠷᠭᠠᠯᠲᠤ ᠰᠡᠳᠬᠢᠯᠭᠡ᠂  ᠬᠦᠷᠳᠡᠮᠵᠢ ᠶᠢᠨ ᠰᠡᠳᠬᠢᠯᠭᠡ ᠪᠠ ᠠᠮᠤᠷ ᠲᠦᠪᠰᠢᠨ ᠤ ᠰᠡᠳᠬᠢᠯᠭᠡ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠴᠢᠨᠠᠭᠰᠢᠳᠠ ᠪᠣᠢ ᠪᠣᠯᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠤᠨ ᠪᠦᠯᠬᠦᠮᠳᠡᠯ ᠢ ᠠᠬᠢᠭᠤᠯᠬᠤ ᠳᠥᠷᠪᠡᠨ ᠵᠦᠢᠯ ᠤᠨ ᠬᠡᠯᠪᠡᠷᠢ ᠮᠠᠶ᠋ᠢᠭ ᠢ ᠪᠥᠬᠦ ᠬᠦᠴᠦᠨ ᠢᠶᠠᠷ ᠡᠭᠦᠳᠴᠦ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ ᠪᠠᠶᠢᠨ᠎ᠠ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠸᠧᠢ ᠱᠧᠦ ᠭᠠᠩ   ᠪᠠᠶᠠᠰᠬᠤᠯᠠᠩ   ᠳ᠋ᠢᠩ ᠬᠤᠢ ᠮᠢᠨᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2