ᠮᠠᠨ ᠤ ᠬᠤᠰᠢᠭᠤᠨ ᠤ ᠢᠳᠡᠰᠢᠨ ᠬᠤᠨᠢ ᠲᠡᠵᠢᠭᠡᠨ ᠦᠷᠡᠵᠢᠭᠦᠯᠬᠦ ᠦᠢᠯᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ  ᠴᠡᠨᠡᠭ ᠴᠢᠮᠡᠭ ᠨᠡᠮᠡᠷᠢᠯᠡᠭᠰᠡᠨ
ᠨᠡᠶᠢᠲᠡᠯᠡᠭᠰᠡᠨ ᠴᠠᠭ᠄
2023/11/8
         ᠮᠠᠨ ᠤ ᠬᠤᠰᠢᠭᠤᠨ ᠤ ᠢᠳᠡᠰᠢᠨ ᠬᠤᠨᠢ ᠲᠡᠵᠢᠭᠡᠨ ᠦᠷᠡᠵᠢᠭᠦᠯᠬᠦ ᠦᠢᠯᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ  ᠴᠡᠨᠡᠭ ᠴᠢᠮᠡᠭ ᠨᠡᠮᠡᠷᠢᠯᠡᠭᠰᠡᠨ         ᠢᠳᠡᠰᠢᠨ ᠬᠤᠨᠢᠨ ᠤ ᠠᠵᠤ ᠦᠢᠯᠡᠰ ᠪᠣᠯ ᠮᠠᠨ ᠤ ᠬᠤᠰᠢᠭᠤᠨ ᠤ ᠳᠥᠷᠪᠡᠨ ᠲᠣᠮᠣ ᠭᠤᠣᠯᠯᠠᠬᠤ ᠠᠵᠤ ᠦᠢᠯᠡᠰ ᠤᠨ ᠨᠢᠭᠡ ᠪᠣᠯᠤᠨ᠎ᠠ᠃          ᠣᠶᠢᠷ᠎ᠠ ᠶᠢᠨ ᠵᠢᠯ ᠠᠴᠠ᠂ ᠮᠠᠨ ᠤ ᠬᠤᠰᠢᠭᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢᠨ ᠲᠣᠭᠤᠷᠢᠨ ᠳᠤ᠂ ᠪᠣᠳᠠᠲᠤ ᠪᠠᠶᠢᠳᠠᠯ ᠳᠤ ᠰᠠᠭᠤᠷᠢᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠵᠤ ᠥᠷᠭᠡᠳᠬᠡᠨ ᠦᠷᠡᠵᠢᠭᠦᠯᠬᠦ ᠠᠵᠢᠯ ᠢ ᠨᠡᠮᠡᠭᠳᠡᠭᠦᠯᠵᠦ᠂ ᠰᠢᠯᠢᠳᠡᠭ ᠡᠭᠦᠯᠳᠡᠷ ᠤᠨ ᠡᠭᠦᠯᠳᠡᠷ ᠰᠣᠯᠢᠬᠤ ᠶᠢ ᠠᠬᠢᠭᠤᠯᠵᠤ᠂ ᠢᠳᠡᠰᠢᠨ ᠬᠤᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ᠂ ᠬᠡᠪᠴᠢᠶᠡᠵᠢᠯ ᠢ ᠬᠦᠴᠦᠯᠡᠨ ᠳᠡᠯᠭᠡᠷᠡᠭᠦᠯᠵᠦ᠂ ᠢᠳᠡᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ  ᠡᠭᠦᠳᠴᠤ ᠪᠠᠶᠢᠨ᠎ᠠ᠃          ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ᠡᠷᠴᠢᠮᠵᠢᠭᠦᠯᠦᠭᠰᠡᠨ ᠡᠭᠦᠯᠳᠡᠷ ᠪᠤᠶᠢᠵᠢᠭᠤᠯᠬᠤ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ᠂ ᠲᠤᠰᠬᠠᠶᠢᠵᠢᠭᠰᠠᠨ ᠦᠢᠯᠡᠴᠢᠯᠡᠭᠡ᠂ ᠲᠥᠷᠥᠯ ᠲᠡᠮᠳᠡᠭᠵᠢᠭᠦᠯᠦᠭᠰᠡᠨ ᠡᠵᠡᠩᠨᠡᠯᠲᠡ ᠶᠢ ᠶᠡᠬᠡᠪᠡᠷ ᠬᠡᠷᠡᠭᠵᠢᠭᠦᠯᠵᠦ᠂ 《 ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠬᠡᠯᠬᠢᠶᠡᠵᠢᠭᠰᠡᠨ᠂ ᠲᠡᠵᠢᠭᠡᠬᠦ ᠦᠷᠡᠵᠢᠭᠦᠯᠬᠦ ᠬᠠᠩᠭᠠᠬᠤ ᠶᠢ ᠨᠢᠭᠡ ᠴᠤᠭᠴᠠᠵᠢᠭᠤᠯᠤᠭᠰᠠᠨ 》 ᠠᠵᠤ ᠦᠢᠯᠡᠰ ᠤᠨ ᠦᠢᠯᠡᠳᠪᠦᠷᠢᠯᠡᠯ ᠤᠨ ᠪᠠᠶᠢᠷᠢᠰᠢᠯ ᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠪᠦᠬᠦ ᠬᠤᠰᠢᠭᠤᠨ ᠤ ᠢᠳᠡᠰᠢᠨ ᠬᠤᠨᠢᠨ ᠤ ᠪᠦᠲᠦᠭᠡᠭᠳᠡᠬᠦᠨ ᠤ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠦᠢᠯᠡᠰ ᠪᠠ ᠠᠮᠢ ᠠᠬᠤᠢ ᠶᠢᠨ ᠣᠷᠴᠢᠨ ᠲᠣᠭᠤᠷᠢᠨ ᠤ ᠲᠡᠩᠴᠡᠭᠦᠷᠢᠲᠡᠢ ᠬᠥᠭᠵᠢᠬᠦ ᠬᠤᠣᠰ ᠠᠮᠵᠢᠯᠲᠠ ᠣᠯᠬᠤ ᠬᠠᠷᠠᠯᠲᠠ ᠶᠢ ᠪᠡᠶᠡᠯᠡᠭᠦᠯᠵᠦ᠂ ᠥᠨᠳᠥᠷ ᠦᠷ᠎ᠡ ᠠᠰᠢᠭᠲᠠᠢ ᠰᠢᠨᠵᠢᠯᠡᠬᠦ ᠤᠬᠠᠭᠠᠨᠴᠢ ᠲᠠᠷᠢᠵᠤ ᠲᠡᠵᠢᠭᠡᠬᠦ ᠶᠢ ᠤᠶᠠᠯᠳᠤᠭᠤᠯᠬᠤ ᠵᠠᠮ ᠢᠶᠠᠷ ᠵᠠᠮᠨᠠᠵᠤ᠂ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠤᠶᠤᠨ᠎ᠠ  ᠬᠦᠰᠡᠯᠡᠩᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2