ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠴᠢᠬᠤᠯᠠ ᠶᠠᠷᠢᠶ᠎ᠠ | ᠲᠠᠯᠪᠢᠵᠤ ᠯᠢ ᠴᠢᠶᠠᠩ ᠳ᠋ᠦ᠋ᠩᠨᠡᠯᠲᠡ ᠶᠢᠨ ᠶᠠᠷᠢᠶ᠎ᠠ ᠲᠠᠯᠪᠢᠪᠠ ᠵᠤᠤ ᠯᠧ ᠵᠢᠢ ᠸᠠᠩ ᠬᠤᠤ ᠨᠢᠩ ᠼᠠᠢ ᠴᠢ ᠳ᠋ᠢᠩ | ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠠᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶ᠋ᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ | ᠵᠢᠢ᠂ ᠸᠠᠩ ᠬᠤᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠪᠠ᠃ | | ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | | ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ ᠠᠬᠤᠢ ᠶᠢᠨ ᠠᠵᠢᠯ ᠢ ᠪᠦᠭᠦ ᠲᠠᠯ᠎ᠠ ᠪᠠᠷ | ᠳ᠋ᠦ᠋ᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ 2024 ᠣᠨ ᠤ ᠠᠵᠤ ᠠᠬᠤᠢ ᠶᠢᠨ | ᠠᠵᠢᠯ ᠢ ᠰᠢᠰᠲ᠋ᠧᠮ ᠲᠠᠢ ᠪᠠᠶᠢᠷᠢᠯᠠᠭᠤᠯᠪᠠ᠃ ᠯᠢ ᠴᠢᠶᠠᠩ ᠳ᠋ᠦ᠋ᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ | ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶ᠋ᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ | ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ | ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠡᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠪᠠᠨ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠦ᠂ | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ | ᠰᠢᠨ᠎ᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ | ᠠᠯᠬᠤᠮ ᠢ ᠠᠯᠬᠤᠵᠠᠢ ᠭᠡᠵᠦ ᠦᠵᠡᠪᠡ᠃ | ᠬᠤᠷᠠᠯ ᠠᠴᠠ᠂ ᠠᠵᠤ ᠠᠬᠤᠢ ᠶᠢᠨ ᠰᠡᠷᠭᠦᠯᠲᠡ ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ | ᠬᠦᠴᠢᠷᠳᠡᠯ ᠪᠣᠯᠣᠨ ᠥᠷᠢᠰᠦᠯᠳᠦᠭᠡᠨ ᠢ ᠢᠯᠠᠨ ᠳᠠᠪᠠᠭᠤ ᠴᠢᠬᠤᠯᠠᠲᠠᠢ ᠪᠠᠶᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ | ᠬᠦᠷᠦᠯᠴᠡᠬᠦ ᠦᠭᠡᠢ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ᠂ ᠨᠡᠶᠢᠭᠡᠮ ᠤᠨ | ᠵᠢᠰᠢᠯᠲᠡ ᠪᠠᠭᠤᠷᠠᠢ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ ᠪᠠᠶᠢᠵᠦ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠭᠠᠳᠠᠭᠠᠳᠤ ᠣᠷᠴᠢᠨ ᠲᠣᠭᠤᠷᠢᠨ ᠤ ᠪᠤᠳᠤᠯᠢᠶᠠᠨᠲᠤ ᠴᠢᠨᠠᠷ | ᠂ ᠬᠦᠨᠳᠦ ᠬᠡᠴᠡᠭᠦᠦ ᠴᠢᠨᠠᠷ᠂ ᠲᠣᠬᠲᠠᠭᠠᠯᠲᠤ ᠪᠤᠰᠤ ᠴᠢᠨᠠᠷ ᠨᠡᠮᠡᠭᠳᠡᠵᠦ ᠪᠠᠶᠢᠨ᠎ᠠ᠃ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ᠡᠳᠡᠭᠡᠷ ᠠᠰᠠᠭᠤᠳᠠᠯ ᠢ ᠪᠦᠲᠦᠮᠵᠢᠲᠡᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ᠶᠡᠷᠦᠩᠬᠡᠶ᠋ᠢᠯᠡᠭᠡᠳ | ᠦᠵᠡᠪᠡᠯ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ ᠨᠥᠬᠦᠴᠡᠯ ᠠᠰᠢᠭ ᠦᠭᠡᠢ ᠬᠦᠴᠦᠨ | ᠵᠦᠢᠯ ᠠᠴᠠ ᠴᠢᠩᠭ᠎ᠠ ᠪᠠᠶ᠋ᠢᠵᠤ᠂ ᠠᠵᠤ ᠠᠬᠤᠢ ᠰᠡᠷᠭᠦᠨ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠢᠲᠡᠭᠡᠯ ᠵᠣᠷᠢᠭ ᠪᠠ ᠢᠲᠡᠭᠡᠯ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠠᠶᠢᠷᠠ ᠶᠢᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠪᠦᠲᠦᠮᠵᠢᠲᠡᠶ | ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ | ᠭᠦᠨᠵᠡᠭᠡᠶᠢᠷᠡᠭᠦᠯᠪᠡ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ | ᠶᠣᠰᠣ ᠪᠤᠯᠭᠠᠵᠤ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ | ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠶᠢ ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ | ᠬᠦᠴᠦᠯᠡᠬᠦ ᠶᠢ ᠪᠠᠷᠢᠮᠲᠠᠯᠠᠵᠤ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ | ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ | ᠬᠡᠷᠡᠭᠴᠡᠭᠡ ᠶᠢᠨ ᠭᠤᠣᠯ ᠬᠥᠳᠡᠯᠭᠡᠬᠦ ᠬᠦᠴᠦᠨ ᠤ ᠰᠠᠭᠤᠷᠢᠨ ᠳᠡᠭᠡᠷ᠎ᠡ ᠪᠠᠶᠢᠭᠤᠯᠵᠤ᠂ ᠣᠯᠠᠨ ᠤᠯᠤᠰ ᠤᠨ ᠣᠷᠴᠢᠯ ᠤᠨ | ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠵᠤ᠂ ᠭᠦᠨ ᠳᠠᠪᠬᠤᠷᠭ᠎ᠠ ᠶᠢᠨ | ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ | ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠰᠠᠶᠢᠨ ᠬᠤᠷᠰᠢᠯᠴᠠᠯ ᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ | ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ ᠢ ᠬᠥᠳᠡᠯᠦᠩᠭᠦᠢ | ᠲᠡᠩᠴᠡᠭᠦᠷᠢᠲᠡᠢ ᠪᠠᠶᠢᠯᠭᠠᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠬᠤ ᠬᠡᠷᠡᠭᠲᠡᠢ᠃ ᠡᠷᠬᠡᠪᠰᠢ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠤᠯᠭᠠᠵᠤ᠂ | ᠨᠠᠮ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠮᠤᠭ ᠤᠨ ᠥᠷᠭᠡᠨ ᠤᠯᠠᠨ ᠠᠷᠠᠳ ᠲᠦᠮᠡᠨ ᠲᠠᠢ ᠪᠦᠯᠬᠦᠮᠳᠡᠵᠦ᠂ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ᠋ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ | ᠬᠦ᠋ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠤᠶᠢᠯᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ | ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ᠋ | ᠨᠡᠮᠡᠭᠳᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠰᠢᠯᠲᠡ ᠶᠢ ᠰᠠᠶᠢᠵᠢᠷᠠᠭᠤᠯᠵᠤ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ | ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠡᠪᠳᠡᠬᠦ ᠶᠢ ᠪᠠᠷᠢᠮᠲᠠᠯᠠᠨ᠂ ᠵᠢᠰᠢᠯᠲᠡ ᠶᠢ | ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ | ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ᠂ ᠭᠡᠯᠪᠡᠷᠢ ᠶᠢ ᠬᠤᠪᠢᠷᠠᠭᠤᠯᠬᠤ᠂ ᠪᠦᠲᠦᠴᠡ ᠶᠢ | ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ | ᠳᠡᠪᠰᠢᠵᠦ᠂ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠤᠷᠸ᠎ᠠ | ᠲᠦᠷᠦ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ | ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ | ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠵᠣᠬᠢᠰᠲᠠᠢ ᠬᠦᠴᠦᠯᠡᠵᠦ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠣᠷᠣᠨ | ᠵᠠᠢ ᠶᠢ ᠰᠠᠶᠢᠳᠤᠷ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ ᠪᠣᠳᠣᠯᠭ᠎ᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ | ᠤᠯᠤᠰ ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠶᠢᠨ ᠡᠭᠦᠷᠭᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ | ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠪᠠᠷ ᠥᠷᠭᠡᠳᠬᠡᠬᠦ ᠬᠡᠷᠡᠭᠲᠡᠢ᠃ ᠪᠦᠲᠦᠴᠡ ᠶᠢᠨ | ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠳᠤᠷ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ | ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ | ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠨᠠᠮ ᠵᠠᠰᠠᠭ ᠤᠨ ᠪᠠᠶ᠋ᠢᠭᠤᠯᠭ᠎ᠠ ᠠᠷᠪᠢᠯᠠᠵᠤ ᠠᠮᠢᠳᠤᠷᠠᠬᠤ ᠳᠠᠳᠬᠠᠯ ᠲᠠᠢ ᠪᠠᠶᠢᠬᠤ ᠬᠡᠷᠡᠭᠲᠡᠢ᠃ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠤᠨᠤᠪᠴᠢᠲᠠᠢ ᠪᠥᠭᠡᠳ | ᠪᠦᠲᠦᠮᠵᠢᠲᠡᠢ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶ᠋ᠢᠬᠤ᠂ | ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ | ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠰᠢᠭᠰᠡᠨ ᠬᠠᠷᠠᠯᠲᠠ ᠯᠤᠭ᠎ᠠ ᠬᠠᠷᠢᠯᠴᠠᠨ ᠵᠣᠬᠢᠴᠠᠯᠳᠤᠬᠤ ᠶᠢ ᠪᠠᠲᠤᠯᠠᠬᠤ | ᠬᠡᠷᠡᠭᠲᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ | ᠴᠢᠳᠠᠮᠵᠢ ᠶᠢ ᠰᠠᠶᠢᠳᠤᠷ ᠪᠠᠳᠠᠷᠠᠭᠤᠯᠵᠤ᠂ ᠨᠥᠭᠡᠴᠡ ᠶᠢ ᠠᠮᠢᠳᠤᠯᠢᠭᠵᠢᠭᠤᠯᠵᠤ ᠂ ᠦᠷ᠎ᠡ ᠠᠰᠢᠭ ᠢ ᠳᠡᠭᠡᠭᠰᠢᠯᠡᠭᠦᠯᠦᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶ᠋ᠢᠭᠠᠳ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ | ᠠᠬᠤᠶ᠋ᠢᠯᠠᠯ ᠳᠤ ᠨᠡᠶᠢᠳᠡᠮ ᠠᠰᠢᠭ ᠬᠦᠷᠲᠡᠭᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠳᠡᠮᠵᠢᠯᠭᠡ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ | ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ᠃ | ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ ᠪᠣᠳᠣᠯᠭ᠎ᠠ ᠶᠢ ᠬᠤᠷᠸ᠎ᠠ ᠲᠦᠷᠦ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠰᠢᠯᠲᠡ ᠳᠤ ᠣᠷᠣᠭᠤᠯᠵᠤ᠂ ᠲᠦᠷᠦ ᠶᠢᠨ | ᠪᠣᠳᠣᠯᠭ᠎ᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ | ᠬᠦᠴᠦᠨ ᠢ ᠪᠦᠷᠢᠯᠳᠦᠭᠦᠯᠬᠦ ᠶᠢ ᠦᠨᠡᠨ ᠬᠦ᠋ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠢ ᠭᠡᠭᠡᠨ ᠰᠠᠷᠠᠭᠤᠯ ᠤᠨᠤᠯ ᠢ | ᠬᠠᠩᠭᠢᠨᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠶᠢ | ᠳᠤᠪᠤᠶᠢᠯᠭᠠᠨ ᠵᠠᠩᠭᠢᠯᠠᠭ᠎ᠠ ᠶᠢ ᠡᠵᠡᠮᠳᠡᠵᠦ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠬᠡᠷᠡᠭᠲᠡᠢ | ᠃ | ᠨᠢᠭᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠢᠯᠠᠩᠭᠤᠶ᠎ᠠ | ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ ᠦᠢᠯᠡᠰ᠂ ᠰᠢᠨ᠎ᠡ ᠵᠠᠭᠪᠤᠷ᠂ | ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠦᠢᠯᠡᠳᠬᠦ | ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ | ᠬᠡᠷᠡᠭᠵᠢᠭᠦᠯᠵᠦ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ᠂ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠲᠦᠷᠭᠡᠳᠬᠡᠨ | ᠠᠬᠢᠭᠤᠯᠬᠤ ᠬᠡᠷᠡᠭᠲᠡᠢ᠃ ᠠᠮᠢᠳᠤ ᠪᠣᠳᠠᠰ ᠤᠨ ᠦᠢᠯᠡᠳᠬᠡᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ | ᠠᠭᠠᠷ ᠤᠨ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠨᠦᠭᠦᠳ ᠢ ᠪᠤᠶ ᠪᠤᠯᠭᠠᠵᠤ᠂ ᠺᠸᠠᠨᠲ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ | ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠲᠣᠭᠠᠨ ᠤ ᠤᠬᠠᠭᠠᠨ ᠪᠠ ᠣᠶᠤᠨ ᠤ ᠮᠡᠷᠭᠡᠵᠢᠯ᠂ ᠪᠣᠬᠢᠷᠳᠤᠯ | ᠦᠭᠡᠢ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠬᠡᠬᠦ ᠬᠡᠷᠡᠭᠲᠡᠢ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ ᠢ | ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠦᠢᠯᠡᠰ ᠪᠣᠰᠬᠠᠬᠤ ᠪᠡᠯᠡ ᠣᠷᠣᠭᠤᠯᠤᠯᠲᠠ᠂ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠲᠠᠯᠳᠠ | ᠴᠢᠳᠠᠪᠤᠷᠢ ᠲᠠᠢ ᠬᠡᠷᠡᠭᠯᠡᠭᠡ ᠶᠢ ᠬᠥᠭᠵᠢᠭᠡᠵᠦ᠂ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ᠂ ᠬᠡᠷᠡᠭᠯᠡᠭᠡ | ᠪᠠ ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ ᠬᠡᠷᠡᠭᠯᠡᠭᠡ ᠶᠢᠨ | ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠰᠢᠯᠵᠢᠭᠦ ᠶᠢ ᠠᠬᠢᠭᠤᠯᠵᠤ᠂ ᠰᠢᠨ᠎ᠡ | ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠬᠡᠷᠡᠭᠯᠡᠭᠡ᠂ ᠪᠣᠬᠢᠷᠳᠤᠯ ᠦᠭᠡᠢ | ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠣᠶᠤᠨᠲᠤ ᠭᠡᠷ ᠤᠨ ᠬᠡᠷᠡᠭᠰᠡᠯ᠂ ᠰᠣᠶᠣᠯ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭᠠᠨ ᠤ ︽ᠴᠠᠭ ᠤᠨ ᠤᠷᠤᠰᠬᠠᠯᠲᠤ ᠦᠢᠯᠡᠳᠬᠦᠨ︾ | ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠤᠯᠠᠮᠵᠢᠯᠠᠯᠲᠤ | ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠳ᠋ᠷᠣᠨ ᠦᠢᠯᠡᠳᠬᠦᠨ | ᠵᠡᠷᠭᠡ ᠪᠥᠭᠡᠮ ᠲᠠᠸᠠᠷ ᠤᠨ ᠬᠡᠷᠡᠭᠯᠡᠭᠡ ᠶᠢ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠡᠪᠴᠢᠶ᠎ᠡ ᠶᠢ ᠥᠷᠭᠡᠳᠬᠡᠵᠦ᠂ | ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠮᠡᠷᠭᠡᠵᠢᠯ᠂ ᠡᠨᠧᠷᠭᠢ ᠶᠢᠨ ᠬᠤᠷᠣᠭᠳᠠᠯ᠂ | ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠬᠥᠲᠥᠯᠥᠮᠵᠢ ᠪᠤᠯᠭᠠᠵᠤ᠂ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ | ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ ᠶᠡᠬᠡᠰᠬᠡᠬᠦ ᠦᠢᠯᠡᠳᠦᠯ ᠢ ᠰᠠᠶᠢᠳᠤᠷ | ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ᠂ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠬᠥᠭᠵᠢᠭᠦᠯᠬᠦ | ᠬᠡᠷᠡᠭᠲᠡᠢ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠨᠡᠶᠢᠭᠡᠮ ᠤᠨ | ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠳᠡᠮᠵᠢᠬᠦ ᠬᠡᠷᠡᠭᠲᠡᠢ᠃ | ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ᠃ ︽ᠬᠤᠶᠠᠷ ᠡᠷᠡᠰ ᠭᠤᠶ᠋ᠢᠪᠢᠰᠢ ᠦᠭᠡᠢ︾ ᠶᠢᠨ ᠪᠠᠶᠢᠭᠤᠯᠤᠮᠵᠢ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠳᠬᠠᠨ᠂ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠦᠴᠦᠨ ᠵᠦᠢᠯ ᠢ ᠣᠯᠬᠤ᠂ | ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶ᠋ᠢᠯᠠᠯ ᠤᠨ ᠲᠤᠰᠬᠠᠢ ᠨᠠᠷᠢᠯᠢᠭ ᠣᠨᠴᠠᠭᠠᠢ | ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ | ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ ᠬᠡᠷᠡᠭᠲᠡᠢ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ ᠪᠤᠶᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ | ᠦᠨᠳᠦᠰᠦᠨ ᠪᠠᠶᠢᠳᠠᠯ ᠢ ᠪᠠᠬᠢᠵᠢᠭᠦᠯᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ | ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ | ᠥᠷᠭᠡᠳᠬᠡᠬᠦ ᠬᠡᠷᠡᠭᠲᠡᠢ᠃ ᠴᠠᠭᠢᠯᠭᠠᠨ ᠬᠤᠯᠪᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ | ᠠᠬᠤᠢ ᠠᠷᠠᠯᠵᠢᠶᠠᠨ ᠤ ᠳᠦᠷᠢᠮ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ | ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠦᠷᠭᠦᠯᠵᠢᠯᠡᠨ ᠪᠠᠶᠢᠭᠤᠯᠵᠤ᠂ ︽ᠪᠡᠯᠡ ᠣᠷᠣᠭᠤᠯᠤᠯᠲᠠ ᠶᠢᠨ ᠳᠤᠮᠳᠠᠳᠤ ᠤᠯᠤᠰ︾ ᠤᠨ ᠲᠥᠷᠥᠯ | ᠲᠡᠮᠳᠡᠭ ᠢ ᠪᠤᠶ ᠪᠤᠯᠭᠠᠬᠤ ᠬᠡᠷᠡᠭᠲᠡᠢ᠃ ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠢᠬᠦ᠂ | ᠰᠤᠷᠤᠯᠴᠠᠬᠤ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ᠋ ᠨᠡᠪᠲᠡᠷᠡᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ ᠨᠠᠶᠢᠮᠠᠨ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ | ᠪᠤᠲᠠᠳᠠᠶᠢᠵᠢᠭᠤᠯᠬᠤ ᠶᠢ ᠰᠠᠶᠢᠳᠤᠷ ᠠᠳᠬᠤᠵᠤ᠂ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ | ᠪᠠᠭ᠎ᠠ ᠪᠤᠯᠪᠠᠴᠤ ᠪᠦᠷᠢᠨ ᠴᠢᠳᠠᠮᠵᠢᠲᠤ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠬᠡᠷᠡᠭᠲᠡᠢ᠃ | ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ ᠰᠡᠷᠭᠡᠶ᠋ᠢᠯᠡᠨ | ᠠᠷᠢᠯᠭᠠᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠪᠠᠭ᠎ᠠ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ | ᠰᠢᠢᠳᠪᠦᠷᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠭᠡᠷ | ᠭᠠᠵᠠᠷ ᠤᠨ ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠠᠳᠠᠯᠢ | ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠮᠥᠩᠭᠦ | ᠴᠤᠭᠯᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠠᠲᠤᠯᠠᠪᠤᠷᠢ ᠶᠢᠨ ᠴᠢᠨᠠᠷᠲᠠᠢ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ ᠪᠠᠶ᠋ᠢᠳᠠᠯ ᠳᠤ ᠵᠡᠷᠭᠡ ᠪᠠᠷ ᠬᠡᠷᠡᠭᠯᠡᠬᠦ︾ ᠤᠯᠠᠨ | ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠳᠤᠮᠳᠠᠬᠢ ᠲᠣᠰᠬᠤᠨ ᠢ ᠥᠭᠡᠷᠡᠴᠢᠯᠡᠨ | ᠪᠠᠶᠢᠭᠤᠯᠬᠤ ᠵᠡᠷᠭᠡ ︽ᠭᠤᠷᠪᠠᠨ ᠶᠡᠭᠡ ᠢᠨᠵᠧᠨᠧᠷᠢᠩ︾ ᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ | ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠳᠤᠷ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ | ᠲᠣᠮᠣ ᠮᠤᠵᠢ ᠦᠨᠡᠨ ᠬᠦ᠋ ᠴᠢᠬᠤᠯᠠ ᠡᠭᠦᠷᠭᠡ ᠶᠢ ᠡᠭᠦᠷᠭᠡᠯᠡᠵᠦ᠂ ᠪᠦᠭᠦ ᠤᠯᠤᠰ ᠤᠨ ᠠᠵᠤ ᠠᠬᠤᠢ ᠶᠢ | ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ | ᠵᠢᠷᠭᠤᠭ᠎ᠠ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ | ᠰᠠᠶᠢᠳᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠪᠠᠲᠤ ᠡᠵᠡᠮᠳᠡᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ | ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ᠋ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ᠋ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ | ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠮᠡᠳᠡᠷᠡᠵᠦ ᠬᠦᠷᠲᠡᠵᠦ ᠪᠤᠯᠠᠬᠤᠶᠢᠴᠠ ᠨᠢᠭᠡ | ᠪᠦᠯᠦᠭ ᠪᠣᠳᠠᠲᠤ ᠶᠠᠪᠤᠳᠠᠯ ᠢ ᠰᠠᠶᠢᠳᠤᠷ ᠠᠳᠬᠤᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠠᠮᠤᠷ ᠲᠦᠪᠰᠢᠨ ᠤ ᠬᠠᠩᠭᠠᠯᠭ᠎ᠠ ᠶᠢ ᠥᠴᠥᠬᠡᠨ ᠴᠣ᠋ ᠰᠤᠯᠠᠷᠠᠭᠤᠯᠤᠯ ᠦᠭᠡᠢ ᠰᠠᠶᠢᠳᠤᠷ ᠠᠳᠬᠤᠵᠤ᠂ | ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ | ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ | ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠬᠥᠳᠡᠭᠡ ᠠᠵᠤ ᠠᠬᠤᠢ ᠶᠢ | ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠡᠯᠧᠮᠧᠨᠲ ᠤᠨ | ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠶᠢ | ᠴᠣᠭᠴᠠᠯᠠᠨ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠥᠷᠥᠴᠡ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠠᠯᠠᠢ ᠲᠠᠩᠭᠢᠰ ᠤᠨ ᠠᠵᠤ ᠠᠬᠤᠢ ᠶᠢ | ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ᠃ | ᠨᠠᠶᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ | ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶ᠋ᠢᠯᠠᠯᠳᠤᠭᠠᠨ ᠢ | ᠦᠷᠭᠦᠯᠵᠢᠯᠡᠨ ᠭᠦᠨᠵᠡᠭᠡᠢ ᠰᠠᠶᠢᠳᠤᠷ ᠬᠢᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠮᠲᠤ ᠶᠢᠨ ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠢ | ᠪᠠᠶᠠᠯᠢᠭ ᠢ ᠠᠷᠪᠢᠯᠠᠬᠤ ᠡᠷᠴᠢᠮᠵᠢᠭᠦᠯᠬᠦ ᠣᠷᠴᠢᠯᠳᠤᠭᠤᠯᠬᠤ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂ | ᠡᠨᠧᠷᠭᠢ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠵᠢᠰᠦ ᠳᠤ ᠠᠷᠠᠳ ᠤᠨ ᠠᠮᠢᠳᠤᠷᠠᠯ ᠢ ᠦᠨᠡᠨ ᠬᠦ᠋ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠪᠦᠭᠦ | ᠬᠦᠴᠦᠨ ᠢᠶᠠᠷ ᠢᠶᠠᠨ ᠴᠢᠷᠮᠠᠶ᠋ᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠪᠠᠲᠤᠯᠠᠵᠤ᠂ ᠣᠨᠣᠴᠠᠲᠠᠢ ᠪᠠᠲᠤᠯᠠᠵᠤ᠂ ᠪᠠᠲᠤ ᠪᠠᠬᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ ᠳᠤᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ᠋ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ | ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠦᠷᠭᠡᠪᠴᠢᠯᠡᠨ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠬᠥᠮᠥᠨ ᠠᠮᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠭᠦᠨᠵᠡᠭᠡᠢ ᠤᠶᠢᠯᠭᠠᠵᠦ᠂ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ | ᠡᠭᠦᠷᠭᠡᠲᠦ ᠪᠤᠳᠤᠯ ᠢᠶᠠᠨ ᠦᠨᠡᠨ ᠬᠦ᠋ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ | ᠠᠰᠢᠭᠲᠠᠢ ᠨᠥᠬᠦᠴᠡᠯ ᠢ ᠠᠰᠢᠭᠯᠠᠵᠤ᠂ ᠦᠵᠡᠵᠦ ᠲᠣᠭᠲᠠᠪᠠᠯ ᠱᠠᠯᠠᠪᠳᠠᠨ ᠬᠢᠵᠦ᠂ ᠢᠯᠡᠭᠦᠦ ᠬᠢᠵᠦ ᠳᠡᠶᠢᠯᠪᠡᠯ ᠢᠯᠡᠭᠦᠬᠡᠨ | ᠬᠢᠵᠦ᠂ ᠲᠤᠰ ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ | ᠴᠢᠨᠠᠷ ᠢ ᠠᠷᠭᠠᠴᠠᠭᠠᠬᠤ ᠪᠠᠷ ᠴᠢᠷᠮᠢᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠷᠳᠤᠴᠠ ᠪᠣᠯᠣᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ | ᠪᠣᠯᠣᠨ ᠬᠤᠮᠠᠬᠢ ᠲᠥᠷᠥᠭᠳᠡᠯ᠂ ᠠᠵᠤ ᠠᠬᠤᠢ ᠶᠢ ᠬᠥᠭᠵᠢᠭᠦᠯᠬᠦ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠳᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠢᠷᠡᠬᠦ | ᠵᠢᠯ ᠤᠨ ᠠᠵᠤ ᠠᠬᠤᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠬᠠᠮ ᠦᠢᠯᠡᠳᠦᠯ ᠢ ᠶᠡᠬᠡᠰᠬᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ ᠤᠷᠢᠳᠴᠢᠯᠠᠭᠰᠠᠨ | ᠬᠡᠮᠵᠢᠶ᠎ᠡ ᠶᠢ ᠰᠠᠶᠢᠳᠤᠷ ᠬᠢᠵᠦ᠂ ᠢᠯᠡᠭᠦᠴᠡ ᠬᠡᠮᠵᠢᠶ᠎ᠡ ᠶᠢ ᠦᠯᠡᠳᠡᠭᠡᠨ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ ᠴᠢᠬᠤᠯᠠᠴᠢᠯᠠᠵᠤ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠬᠤᠷᠸ᠎ᠠ | ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ | ᠬᠡᠷᠡᠭᠲᠡᠢ᠃ ᠠᠵᠢᠯ ᠢ ᠠᠬᠢᠭᠤᠯᠬᠤ ᠠᠷᠭ᠎ᠠ ᠭᠡᠯᠪᠡᠷᠢ ᠶᠢ ᠴᠢᠬᠤᠯᠠᠴᠢᠯᠠᠵᠤ᠂ ᠭᠤᠣᠯ ᠵᠥᠷᠢᠴᠡᠯ ᠢ ᠠᠳᠬᠤᠵᠤ᠂ ᠪᠣᠭᠤᠮᠢ | ᠬᠢᠵᠠᠭᠠᠷᠯᠠᠯ ᠢ ᠰᠢᠪᠲᠤᠯᠵᠤ᠂ ᠤᠷᠢᠳᠠᠴᠢ ᠪᠠᠶᠢᠷᠢᠰᠢᠭᠤᠯᠤᠯᠲᠠ ᠶᠢ ᠴᠢᠬᠤᠯᠠᠴᠢᠯᠠᠵᠤ᠂ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ ︽ᠤᠯᠤᠰ ᠤᠨ ᠶᠡᠭᠡ | ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠲᠥᠯᠬᠦ ᠴᠢᠨᠠᠷ᠂ ᠬᠥᠰᠢᠭᠦᠷᠭᠡ ᠶᠢᠨ | ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠲᠥᠯᠥᠪᠵᠢᠭᠦᠯᠦᠨ ᠰᠠᠶᠢᠳᠤᠷ ᠬᠡᠷᠡᠭᠯᠡᠵᠦ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠵᠤ ᠠᠬᠤᠢ ᠶᠢᠨ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠡ ᠶᠣᠰᠣᠭᠠᠷ ᠨᠠᠶᠢᠳᠠᠪᠤᠷᠢᠵᠢᠭᠤᠯᠬᠤ ᠶᠢ ᠠᠳᠬᠤᠵᠤ᠂ | ᠡᠴᠦᠰ ᠤᠨ ᠦᠷ᠎ᠡ ᠪᠦᠲᠦᠮᠵᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠣᠷᠢᠯᠲᠠ ᠳᠤ ᠨᠡᠶᠢᠴᠡᠬᠦ ᠶᠢ | ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠬᠢᠷᠠᠮᠵᠢᠲᠠᠢ ᠴᠠᠭ | ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ᠃ ᠦᠨᠡᠨ | ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠬᠤ | ᠬᠡᠷᠡᠭᠲᠡᠢ᠃ ᠵᠣᠷᠢᠭᠲᠠᠢ ᠪᠠᠷ ᠬᠢᠵᠦ ᠵᠢᠳᠬᠦᠯ ᠴᠢᠷᠮᠠᠶ᠋ᠢᠯᠭᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠮᠥᠨ | ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠢᠳᠡᠪᠬᠢᠵᠢᠯ | ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠬᠠᠮᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠳᠤᠷ ᠬᠢᠵᠦ᠂ ᠬᠥᠯᠥᠰᠦᠨ | ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠤᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠳᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠰᠦᠭᠡᠢ ᠭᠡᠵᠦ ᠤᠷᠢᠶᠠᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠳᠡᠪᠰᠢᠭᠦᠯᠦᠭᠴᠢ᠄ ᠲᠡᠷᠭᠡᠯ | |