ᠳ᠋ᠦᠩ ᠪᠠ ᠬᠤᠣ ᠰᠢᠶᠠᠩ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/12/19
      ᠳ᠋ᠦᠩ ᠪᠠ ᠬᠤᠣ ᠰᠢᠶᠠᠩ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠦᠨ᠎ᠡ            ᠦᠨᠳᠦᠰᠦᠨ ᠬᠠᠤᠯᠢ ᠪᠣᠯ ᠤᠯᠤᠰ ᠤᠨ ᠦᠨᠳᠦᠰᠦ ᠪᠣᠯᠬᠤ ᠬᠠᠤᠯᠢ ᠮᠥᠨ᠂ ᠤᠯᠤᠰ ᠢ ᠵᠠᠰᠠᠵᠤ ᠲᠥᠷᠥ ᠶᠢ ᠲᠦᠪᠰᠢᠳᠬᠡᠬᠦ ᠶᠡᠷᠦᠩᠬᠡᠢ ᠳᠦᠷᠢᠮ ᠮᠥᠨ᠂ ᠲᠡᠷᠡ ᠨᠢ ᠬᠠᠮᠤᠭ ᠤᠨ ᠳᠡᠭᠡᠳᠦ ᠬᠠᠤᠯᠢ ᠴᠠᠭᠠᠵᠠ ᠶᠢᠨ ᠪᠠᠶᠢᠷᠢ ᠰᠠᠭᠤᠷᠢ᠂ ᠬᠠᠤᠯᠢ ᠴᠠᠭᠠᠵᠠ ᠶᠢᠨ ᠡᠷᠬᠡ ᠰᠦᠷ᠂ ᠬᠠᠤᠯᠢ ᠴᠠᠭᠠᠵᠠ ᠶᠢᠨ ᠬᠦᠴᠦᠨ ᠲᠠᠢ᠃ ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠲᠡᠷᠢᠭᠦᠨ ᠴᠢᠬᠤᠯᠠ ᠡᠭᠦᠷᠭᠡ ᠪᠠ ᠰᠠᠭᠤᠷᠢ ᠴᠢᠨᠠᠷᠲᠠᠢ ᠠᠵᠢᠯ ᠮᠥᠨ᠃ ᠡᠨᠡ ᠵᠢᠯ ᠤᠨ 12 ᠰᠠᠷ᠎ᠠ ᠶᠢᠨ 4 ᠤ ᠡᠳᠦᠷ ᠪᠣᠯ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠦᠨᠳᠦᠰᠦᠨ ᠬᠠᠤᠯᠢ ᠶᠢ ᠡᠷᠦᠬᠡ ᠪᠦᠷᠢ ᠳᠤ ᠣᠶᠢᠯᠠᠭᠠᠭᠤᠯᠬᠤ ᠶᠢᠨ ᠲᠥᠯᠥᠭᠡ᠂ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠬᠤ ᠶᠢᠨ ᠲᠥᠯᠥᠭᠡ᠂ 12 ᠰᠠᠷ᠎ᠠ ᠶᠢᠨ 4 ᠤ ᠦᠳᠡ ᠶᠢᠨ ᠡᠮᠦᠨ᠎ᠡ᠂ ᠳ᠋ᠦᠩ ᠪᠠ ᠬᠤᠣ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠧᠧᠨ ᠭᠤᠸᠠᠩ ᠨᠥᠬᠦᠷ ᠤᠨ ᠶᠡᠷᠦᠩᠬᠡᠶᠢᠯᠡᠨ ᠵᠠᠰᠠᠬᠤ ᠲᠥᠪ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠶᠢᠨ ᠠᠵᠢᠯᠲᠠᠨ ᠵᠢᠴᠢ ᠪᠠᠶ᠋ᠬᠤᠪᠤᠭ᠎ᠠ ᠲᠣᠰᠬᠤᠨ ᠤ ᠬᠤᠶᠠᠷ ᠵᠥᠪᠯᠡᠯ ᠤᠨ ᠭᠡᠰᠢᠭᠦᠨ᠂ ᠪᠠᠶᠠᠨ ᠣᠪᠣᠭ᠎ᠠ ᠲᠣᠰᠬᠤᠨ ᠤ ᠵᠥᠪᠯᠡᠯ ᠤᠨ ᠬᠤᠷᠠᠯ ᠤᠨ ᠭᠡᠷ ᠲᠤ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠲᠤᠬᠠᠢ ᠰᠠᠭᠤᠳᠠᠯ ᠤᠨ ᠬᠤᠷᠠᠯ ᠬᠢᠵᠦ᠂ ᠶᠠᠩ ᠱᠦᠵᠢ ᠬᠤᠷᠠᠯ ᠡᠷᠬᠢᠯᠡᠨ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠠᠮᠤᠭ ᠤᠨ ᠢᠯᠡ ᠲᠣᠳᠣ ᠣᠨᠴᠠᠯᠢᠭ᠂ ᠬᠠᠮᠤᠭ ᠤᠨ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠪᠣᠯ ᠢᠯᠡ ᠲᠣᠳᠣ ᠨᠡᠶᠢᠭᠡᠮ ᠵᠢᠷᠤᠮ ᠤᠨ ᠰᠢᠨᠵᠢ ᠴᠢᠨᠠᠷ ᠲᠠᠢ ᠦᠨᠳᠦᠰᠦᠨ ᠬᠠᠤᠯᠢ ᠮᠥᠨ᠂ ᠵᠢᠩᠬᠢᠨᠢ ᠠᠴᠢ ᠬᠤᠯᠪᠣᠭᠳᠠᠯ ᠳᠡᠭᠡᠷᠡᠬᠢ ᠠᠷᠠᠳ ᠤᠨ ᠦᠨᠳᠦᠰᠦᠨ ᠬᠠᠤᠯᠢ ᠮᠥᠨ ᠭᠡᠳᠡᠭ ᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠦᠨᠳᠦᠰᠦᠨ ᠬᠠᠤᠯᠢ ᠪᠠᠷ ᠬᠠᠮᠲᠤ ᠶᠢᠨ ᠲᠠᠨᠢᠯᠲᠠ ᠪᠠᠨ ᠨᠢᠭᠲᠡᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ ᠢ ᠨᠢᠭᠲᠡᠷᠠᠭᠤᠯᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠶᠢᠨ ᠡᠷᠬᠢᠮ ᠳᠡᠭᠡᠳᠦ ᠬᠠᠤᠯᠢ ᠳᠦᠷᠢᠮ ᠤᠨ ᠪᠠᠶᠢᠷᠢ ᠰᠠᠭᠤᠷᠢ ᠪᠠ ᠬᠦᠴᠦᠷᠬᠡᠭ ᠶᠡᠭᠡ ᠬᠠᠤᠯᠢ ᠳᠦᠷᠢᠮ ᠤᠨ ᠬᠦᠴᠦᠨ ᠲᠠᠢ ᠪᠠᠶᠢᠬᠤ ᠶᠢ ᠭᠦᠨᠵᠡᠭᠡᠢ ᠲᠠᠨᠢᠵᠤ᠂ ᠦᠨᠳᠦᠰᠦᠨ ᠬᠠᠤᠯᠢ ᠶᠢᠨ ᠰᠡᠳᠬᠢᠬᠦᠢ ᠶᠢ ᠬᠠᠤᠯᠢ ᠲᠦᠭᠡᠮᠡᠯᠴᠢᠳ ᠤᠨ ᠰᠡᠳᠬᠢᠯ ᠳᠤ ᠬᠠᠳᠠᠩᠰᠢᠭᠤᠯᠵᠤ᠂ ᠡᠷᠬᠡ ᠠᠷᠠᠳ ᠲᠦᠮᠡᠨ ᠳᠤ ᠬᠠᠷᠢᠶᠠᠯᠠᠭᠳᠠᠵᠤ᠂ ᠡᠷᠬᠡ ᠦᠨᠳᠦᠰᠦᠨ ᠬᠠᠤᠯᠢ ᠶᠢ ᠳᠠᠭᠠᠬᠤ ᠭᠡᠬᠦ ᠡᠨᠡ ᠦᠭᠡ ᠶᠢ ᠭᠦᠨᠵᠡᠭᠡᠢ ᠣᠶᠢᠯᠠᠭᠠᠬᠤ ᠬᠡᠷᠡᠭᠲᠡᠢ᠃ᠠᠯᠪᠠᠨ ᠲᠤᠰᠢᠶᠠᠯᠲᠠᠨ ᠨᠢ ᠠᠷᠠᠳ ᠲᠦᠮᠡᠨ ᠳᠤ ᠦᠢᠯᠡᠴᠢᠯᠡᠬᠦ ᠡᠭᠦᠷᠭᠡ ᠲᠠᠢ ᠪᠣᠯᠬᠤᠷ ᠠᠷᠠᠳ ᠲᠦᠮᠡᠨ᠋‌‍ᠡᠴᠡ ᠳᠡᠭᠡᠭᠦᠷ ᠣᠨᠴᠠ ᠡᠷᠬᠡ ᠭᠡᠵᠦ ᠪᠠᠶᠢᠬᠤ ᠦᠭᠡᠢ᠃ᠦᠨᠳᠦᠰᠦᠨ ᠬᠠᠤᠯᠢ ᠪᠠ ᠬᠠᠤᠯᠢ  ᠴᠠᠭᠠᠵᠠ ᠵᠥᠷᠢᠴᠡᠭᠰᠡᠨ ᠠᠵᠢᠯᠯᠠᠭ᠎ᠠ ᠪᠦᠬᠦᠨ ᠢ ᠡᠷᠬᠡᠪᠰᠢ ᠨᠡᠬᠡᠮᠵᠢᠯᠡᠬᠦ ᠪᠠ ᠵᠠᠯᠠᠷᠠᠭᠤᠯᠬᠤ ᠬᠡᠷᠡᠭᠲᠡᠢ᠃       ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠴᠢᠶᠣᠤ ᠷᠦᠢ ᠵᠢᠶᠦ᠋ᠨ ᠵᠢᠭᠠᠬᠤ ᠳᠠᠭᠠᠨ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮᠲᠤ ᠦᠨᠳᠦᠰᠦᠨ ᠬᠠᠤᠯᠢ ᠶᠢᠨ ᠣᠨᠣᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠲᠥᠷᠥ ᠶᠢᠨ ᠪᠦᠲᠦᠴᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠬᠤ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠤᠱᠯᠠᠭᠤᠯᠵᠤ᠂ ᠦᠨᠳᠦᠰᠦᠨ ᠬᠠᠤᠯᠢ ᠶᠢᠨ ᠲᠣᠭᠲᠠᠭᠠᠯ᠂ ᠦᠨᠳᠦᠰᠦᠨ ᠬᠠᠤᠯᠢ ᠶᠢᠨ ᠵᠠᠷᠴᠢᠮ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠢ᠂ ᠪᠦᠷᠢᠨ ᠲᠥᠬᠦᠷ ᠪᠠᠶᠢᠭᠤᠯᠤᠯ ᠤᠨ ᠰᠢᠰᠲ᠋ᠧᠮ ᠢᠶᠠᠷ ᠦᠨᠳᠦᠰᠦᠨ ᠬᠠᠤᠯᠢ ᠶᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠣᠨᠣᠯ ᠤᠨ ᠰᠤᠳᠤᠯᠭᠠᠨ ᠢ ᠴᠢᠩᠭᠠᠳᠬᠠᠵᠤ᠂ ᠪᠦᠬᠦ ᠠᠷᠠᠳ ᠲᠦᠮᠡᠨ ᠢ ᠦᠨᠳᠦᠰᠦᠨ ᠬᠠᠤᠯᠢ ᠶᠢᠨ ᠦᠨᠡᠨᠴᠢ ᠰᠢᠳᠤᠷᠭᠤ ᠡᠷᠬᠢᠮᠯᠡᠭᠴᠢ᠂ ᠤᠬᠠᠮᠰᠠᠷ‌‍ᠠ᠋ᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠬᠤ ᠬᠡᠷᠡᠭᠲᠡᠢ᠃       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠶᠡᠬᠡᠪᠡᠷ ᠪᠠᠳᠠᠷᠠᠭᠤᠯᠵᠤ᠂ ᠥᠷᠭᠡᠨ ᠣᠯᠠᠨ ᠲᠣᠰᠬᠤᠨ ᠤ ᠠᠷᠠᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 4 ᠤ ᠦᠳᠡ ᠶᠢᠨ ᠬᠤᠶᠢᠨ᠎ᠠ᠂ ᠵᠡᠭᠦᠨ ᠨᠠᠢᠮᠠᠳᠤᠭᠠᠷ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠶᠠᠩ ᠧᠧᠨ ᠭᠤᠸᠠᠩ ᠨᠥᠬᠦᠷ ᠤᠨ ᠶᠡᠷᠦᠩᠬᠡᠶᠢᠯᠡᠨ ᠵᠠᠰᠠᠬᠤ ᠲᠥᠪ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠶᠢᠨ ᠠᠵᠢᠯᠲᠠᠨ ᠵᠢᠴᠢ ᠵᠡᠭᠦᠨ ᠨᠠᠢᠮᠠᠳᠤᠭᠠᠷ ᠲᠣᠰᠬᠤᠨ ᠤ ᠬᠤᠶᠠᠷ ᠵᠥᠪᠯᠡᠯ ᠤᠨ ᠺᠠᠳ᠋ᠷᠴᠤᠳ ᠵᠡᠭᠦᠨ ᠨᠠᠢᠮᠠᠳᠤᠭᠠᠷ ᠨᠣᠮᠧᠷᠲᠦ ᠵᠣᠯ ᠵᠢᠷᠭᠠᠯ ᠤᠨ ᠬᠦᠷᠢᠶᠡᠯᠡᠩ ᠳᠤ 《 ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ 》 ᠭᠤᠣᠯ ᠰᠡᠳᠦᠪᠲᠦ ᠦᠨᠳᠦᠰᠦᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠬᠢᠵᠦ᠂ ᠠᠵᠢᠯᠯᠠᠭ᠎ᠠ ᠨᠢ ᠭᠤᠷᠪᠠᠨ ᠬᠡᠰᠡᠭ ᠬᠤᠪᠢᠶᠠᠵᠤ᠂ ᠨᠢᠭᠡ ᠳᠤ ᠦᠨᠳᠦᠰᠦᠨ ᠬᠠᠤᠯᠢ ᠶᠢᠨ ᠠᠭᠤᠯᠭ᠎ᠠ ᠶᠢ ᠤᠬᠠᠭᠤᠯᠬᠤ ᠪᠣᠯᠤᠨ᠎ᠠ᠃ ᠬᠠᠤᠯᠢ ᠴᠠᠭᠠᠵᠠ ᠶᠢᠨ ᠠᠵᠢᠯᠲᠠᠨ ᠦᠨᠳᠦᠰᠦᠨ ᠬᠠᠤᠯᠢ ᠶᠢᠨ 5 ᠬᠡᠰᠡᠭ ᠲᠤ᠄ ᠣᠷᠣᠰᠢᠯ᠂ ᠨᠢᠭᠡᠳᠦᠭᠡᠷ ᠪᠦᠯᠦᠭ ᠤᠨ 《 ᠶᠡᠷᠦᠩᠬᠡᠢ ᠬᠥᠲᠥᠯᠪᠦᠷᠢ 》᠂ ᠬᠤᠶᠠᠳᠤᠭᠠᠷ ᠪᠦᠯᠦᠭ 《 ᠠᠷᠠᠳ ᠢᠷᠭᠡᠨ ᠤ ᠦᠨᠳᠦᠰᠦᠨ ᠡᠷᠬᠡ ᠪᠠ ᠡᠭᠦᠷᠭᠡ 》᠂ ᠭᠤᠷᠪᠠᠳᠤᠭᠠᠷ ᠪᠦᠯᠦᠭ 《 ᠲᠥᠷᠥ ᠶᠢᠨ ᠪᠠᠶᠢᠭᠤᠯᠤᠮᠵᠢ 》᠂ ᠳᠥᠷᠪᠡᠳᠦᠭᠡᠷ ᠪᠦᠯᠦᠭ ᠲᠠᠬᠢ 《 ᠤᠯᠤᠰ ᠤᠨ ᠲᠤᠭ᠂ ᠤᠯᠤᠰ ᠤᠨ ᠰᠦᠯᠳᠡ᠂ ᠨᠡᠶᠢᠰᠯᠡᠯ 》 ᠭᠡᠬᠦ ᠠᠭᠤᠯᠭ᠎ᠠ ᠳᠤ ᠰᠠᠭᠤᠷᠢ ᠲᠠᠯᠪᠢᠨ ᠲᠠᠶᠢᠯᠪᠤᠷᠢᠯᠠᠯᠲᠠ ᠬᠢᠵᠦ᠂ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠡᠷᠬᠢᠮᠯᠡᠬᠦ᠂ ᠦᠨᠳᠦᠰᠦᠨ ᠬᠠᠤᠯᠢ ᠪᠠᠷ ᠡᠷᠬᠢᠮ ᠳᠡᠭᠡᠳᠦ᠂ ᠦᠨᠳᠦᠰᠦᠨ ᠬᠠᠤᠯᠢ ᠪᠠᠷ ᠲᠤᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠠᠢ᠃ᠬᠤᠶᠠᠷ ᠲᠤ᠂ ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠣᠷᠣᠭᠤᠯᠤᠨ᠎ᠠ᠃ᠠᠷᠠᠳ ᠣᠯᠠᠨ ᠳᠤ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠣᠯᠠᠨ ᠲᠦᠮᠡᠨ ᠢ ᠵᠢᠯᠣᠭᠤᠳᠤᠨ < ᠤᠯᠠᠭᠠᠨᠴᠠᠪ ᠬᠤᠲᠠ ᠶᠢᠨ ᠠᠯᠠᠭᠠᠨ ᠳᠡᠭᠡᠷᠡᠬᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠰᠢᠷᠪᠢᠬᠦ ᠪᠠᠷ ᠳᠠᠮᠵᠢᠭᠤᠯᠤᠨ᠂ ᠠᠷᠠᠳ ᠣᠯᠠᠨ ᠢ ᠬᠥᠲᠥᠯᠦᠨ ᠵᠢᠯᠣᠭᠤᠳᠴᠤ ᠪᠢᠴᠢᠯ ᠮᠡᠳᠡᠭᠡ ᠶᠢᠨ ᠲᠤᠭ᠎ᠠ ᠪᠠᠷᠢᠮᠲᠠ ᠳᠤ ᠣᠯᠠᠨ ᠨᠡᠶᠢᠲᠡ ᠶᠢᠨ ᠨᠣᠮᠧᠷ ᠠᠩᠬᠠᠷᠤᠯ ᠲᠠᠯᠪᠢᠬᠤ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠪᠣᠯᠭᠠᠵᠤ᠂ ᠣᠯᠠᠨ ᠲᠦᠮᠡᠨ ᠤ 《 ᠤᠯᠠᠭᠠᠨᠴᠠᠪ ᠬᠤᠲᠠ ᠶᠢᠨ ᠠᠯᠠᠭᠠᠨ ᠳᠡᠭᠡᠷᠡᠬᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ 》 ᠤᠨ ᠲᠤᠬᠠᠢ ᠣᠶᠢᠯᠠᠭᠠᠯᠲᠠ ᠪᠠ ᠠᠩᠬᠠᠷᠤᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠭᠤᠷᠪᠠ ᠳᠤ ᠲᠤᠬᠠᠢ ᠶᠢᠨ ᠲᠠᠯᠠᠪᠠᠢ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ᠃ ᠠᠷᠠᠳ ᠣᠯᠠᠨ ᠤ ᠰᠡᠵᠢᠭᠯᠡᠭᠰᠡᠨ ᠠᠰᠠᠭᠤᠳᠠᠯ ᠤᠨ ᠲᠤᠬᠠᠢ ᠶᠢᠨ ᠲᠠᠯᠠᠪᠠᠢ ᠳᠤ ᠣᠶᠢᠯᠠᠭᠠᠯᠲᠠ ᠥᠭᠴᠦ᠂ ᠠᠷᠠᠳ ᠤᠨ ᠳᠤᠮᠳᠠᠬᠢ ᠵᠢᠭᠡᠯᠡᠯᠭᠡ᠂ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠬᠤᠷᠢᠮᠯᠠᠬᠤ ᠠᠴᠠ ᠡᠮᠦᠨ᠎ᠡ ᠦᠷ᠎ᠡ ᠬᠡᠦᠬᠡᠳ ᠨᠢ  ᠡᠨᠡ ᠬᠤᠳᠠᠯᠳᠤᠭᠠᠯᠠᠨᠰᠠᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠨᠢ ᠲᠦᠷᠢᠶᠡᠰᠦᠨ ᠮᠥᠩᠭᠦ ᠣᠯᠬᠤ ᠦᠭᠡᠢ ᠪᠣᠯ ᠬᠡᠷᠬᠢᠨ ᠡᠷᠬᠡ ᠠᠰᠢᠭ ᠢᠶᠠᠨ ᠬᠠᠮᠠᠭᠠᠯᠠᠬᠤ ᠵᠡᠷᠭᠡ ᠶᠢ ᠪᠠᠭᠲᠠᠭᠠᠨ᠎ᠠ᠃
      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ
ᠣᠯᠠᠨ ᠲᠦᠮᠡᠨ ᠤ ᠬᠠᠤᠯᠢ ᠴᠠᠭᠠᠵᠠ ᠶᠢᠨ ᠮᠡᠳᠡᠯᠭᠡ ᠶᠢᠨ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠢ᠂ ᠣᠯᠠᠨ ᠲᠦᠮᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠣᠯᠠᠨ ᠠᠷᠭ᠎ᠠ ᠵᠠᠮ ᠢ ᠮᠡᠳᠡᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠠᠷᠠᠳ ᠢᠷᠭᠡᠳ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ ᠴᠢᠳᠠᠬᠤ ᠪᠣᠯᠵᠤ᠂ ᠡᠨᠡᠬᠦ ᠠᠷᠠᠳ ᠲᠦᠮᠡᠨ ᠠᠮᠠ ᠬᠠᠮᠬᠢᠯ ᠥᠬᠡᠢ ᠮᠠᠭᠲᠠᠪᠠ ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2