ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ  ᠭᠤᠣᠯ ᠰᠡᠳᠦᠪᠲᠦ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠥᠳᠡᠯᠭᠡᠭᠡᠨ  ᠦᠷᠨᠢᠭᠦᠯᠦᠭᠰᠡᠨ
ᠨᠡᠶᠢᠲᠡᠯᠡᠭᠰᠡᠨ ᠴᠠᠭ᠄
2023/12/19
      ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ   ᠭᠤᠣᠯ ᠰᠡᠳᠦᠪᠲᠦ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠥᠳᠡᠯᠭᠡᠭᠡᠨ  ᠦᠷᠨᠢᠭᠦᠯᠦᠭᠰᠡᠨ            ᠣᠶᠢᠷ᠎ᠠ ᠳᠤ᠂ ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠮᠠᠨ ᠤ ᠬᠤᠰᠢᠭᠤᠨ ᠤ ᠲᠥᠮᠥᠰᠥ᠂  ᠢᠳᠡᠰᠢᠨ ᠬᠤᠨᠢ   ᠦᠬᠡᠷ᠂ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ ᠳᠠᠪᠠᠭᠤᠯᠢᠭ ᠪᠦᠬᠦᠢ ᠭᠤᠣᠯᠯᠠᠬᠤ ᠣᠨᠴᠠᠯᠢᠭᠲᠤ ᠠᠵᠤ ᠦᠢᠯᠡᠰ ᠲᠠᠢ ᠤᠶᠠᠯᠳᠤᠭᠤᠯᠤᠨ᠂ 《 ᠦᠨᠳᠦᠰᠦᠨ ᠱᠠᠲᠤᠨ ᠳᠤ ᠪᠠᠭᠤᠬᠤ᠂ ᠦᠢᠯᠡᠴᠢᠯᠡᠭᠡ ᠪᠠᠨ ᠴᠢᠩᠭᠠᠳᠬᠠᠬᠤ᠂ ᠠᠷᠠᠳ ᠤᠨ ᠵᠣᠪᠠᠨᠢᠯ ᠢ ᠠᠷᠢᠯᠭᠠᠬᠤ᠂ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ 》 ᠭᠤᠣᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠪᠡ᠃
C:\Users\q\Desktop\12 月 苏木\12.13+1.jpg    ᠲᠠᠷᠢᠶᠠᠯᠠᠩ ᠤᠨ ᠰᠢᠨᠵᠢᠯᠡᠭᠡ ᠮᠡᠷᠭᠡᠵᠢᠯ ᠪᠣᠯ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ
ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠂ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠰᠢᠨᠵᠢᠯᠡᠭᠡ ᠮᠡᠷᠭᠡᠵᠢᠯ ᠰᠣᠶᠣᠯ ᠤᠨ ᠬᠡᠪ ᠴᠢᠨᠠᠷ ᠪᠠ ᠦᠢᠯᠡᠳᠪᠦᠷᠢᠯᠡᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠩᠭᠢ ᠨᠢ ᠲᠥᠮᠥᠰᠥ᠂ ᠢᠳᠡᠰᠢᠨ ᠬᠤᠨᠢ  ᠦᠬᠡᠷ᠂ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ 5 ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠭᠡᠨ ᠤ ᠳᠤᠭᠤᠶᠢᠯᠠᠩ ᠪᠠᠶᠢᠭᠤᠯᠵᠤ᠂ ᠳᠤᠭᠤᠶᠢᠯᠠᠩ ᠪᠦᠷᠢ ᠡᠯ᠎ᠡ ᠲᠥᠷᠥᠯ ᠤᠨ ᠲᠤᠰᠬᠠᠢ ᠮᠡᠷᠭᠡᠵᠢᠯᠲᠡᠨ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠦᠭᠴᠢ ᠪᠠ ᠰᠢᠨᠵᠢᠯᠡᠭᠡ ᠮᠡᠷᠭᠡᠵᠢᠯ ᠤᠨ ᠣᠨᠴᠠ ᠲᠤᠮᠢᠯᠠᠬᠳᠠᠬᠰᠠᠳ ᠢ ᠲᠠᠲᠠᠵᠤ᠂ ᠨᠡᠶᠢᠲᠡ 47 ᠬᠥᠮᠦᠨ ᠠᠵᠢᠯ ᠥᠷᠨᠢᠭᠦᠯᠪᠡ᠃
C:\Users\q\Desktop\12 月 苏木\12.13+2.jpg     ᠠᠵᠢᠯᠯᠠᠭ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ
ᠲᠣᠪᠴᠢᠶ᠎ᠠ ᠡᠯ᠎ᠡ ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠬᠢᠵᠦ ᠪᠠᠶᠢᠭ᠎ᠠ ᠮᠠᠯᠴᠢᠨ ᠲᠠᠷᠢᠶᠠᠴᠢᠳ ᠲᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠤᠰᠤ ᠠᠷᠪᠢᠯᠠᠬᠤ ᠤᠰᠤᠯᠠᠯᠲᠠ᠂ ᠳ᠋ᠦ᠋ ᠮᠧᠩ ᠮᠢᠬᠠᠨ ᠬᠤᠨᠢᠨ ᠤ ᠪᠠᠷᠢᠮᠵᠢᠶᠠᠵᠢᠭᠰᠠᠨ ᠠᠷᠠᠴᠢᠯᠠᠨ ᠲᠡᠵᠢᠭᠡᠬᠦ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠵᠤ ᠲᠡᠵᠢᠭᠡᠬᠦ ᠮᠡᠳᠡᠯᠭᠡ ᠶᠢᠨ ᠪᠣᠯᠪᠠᠰᠤᠷᠠᠯ ᠬᠦᠷᠲᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠳ ᠪᠠᠰᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠮᠠᠯᠴᠢᠨ ᠲᠠᠷᠢᠶᠠᠴᠢᠳ ᠲᠠᠢ 《 ᠥᠴᠦᠬᠡᠨ ᠴᠦ ᠵᠠᠢ ᠦᠭᠡᠢ 》 ᠪᠠᠷ ᠬᠠᠷᠢᠯᠴᠠᠵᠤ᠂ ᠲᠤᠬᠠᠢ ᠶᠢᠨ ᠲᠠᠯᠠᠪᠠᠢ ᠳᠤ ᠠᠰᠠᠭᠤᠯᠲᠠ ᠠᠰᠠᠭᠤᠬᠤ ᠪᠠᠷ ᠳᠠᠮᠵᠢᠨ᠂ ᠮᠠᠯᠴᠢᠨ ᠲᠠᠷᠢᠶᠠᠴᠢᠨ ᠡᠷᠦᠬᠡ ᠶᠢ ᠬᠠᠪᠰᠤᠷᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠵᠤ᠂ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠡᠳᠡᠨ ᠳᠤ ᠮᠡᠷᠭᠡᠵᠢᠯ ᠬᠦᠷᠭᠡᠨ᠂ ᠮᠡᠳᠡᠭᠡ ᠵᠠᠩᠭᠢ ᠬᠦᠷᠭᠡᠨ᠂ ᠦᠢᠯᠡᠴᠢᠯᠡᠭᠡ ᠬᠦᠷᠭᠡᠵᠦ᠂ ᠮᠠᠯᠴᠢᠨ ᠲᠠᠷᠢᠶᠠᠴᠢᠨ ᠳᠤ ᠨᠠᠷᠢᠯᠢᠭ ᠭᠦᠨᠵᠡᠭᠡᠢ ᠰᠤᠷᠴᠤ᠂ ᠭᠦᠨᠵᠡᠭᠡᠢ ᠰᠤᠷᠴᠤ ᠨᠡᠪᠲᠡᠷᠡᠲᠡᠯ᠎ᠡ᠂ ᠨᠢᠭᠡ ᠵᠦᠢᠯ ᠤᠨ ᠮᠡᠷᠭᠡᠵᠢᠯ ᠢ ᠡᠵᠡᠮᠰᠢᠭᠦᠯᠵᠦ᠂ ᠪᠣᠯᠪᠠᠰᠣᠷᠠᠭᠤᠯᠤᠯ ᠨᠢ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ ᠨᠢ ᠨᠡᠩ ᠪᠦᠷᠢᠨ ᠭᠦᠢᠴᠡᠳ ᠪᠣᠯᠭᠠᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢᠯᠠᠭᠰᠠᠨ ᠲᠠᠷᠢᠵᠤ ᠲᠡᠵᠢᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃
C:\Users\q\Desktop\12 月 苏木\12.13+3.jpg      ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠨᠳᠦᠰᠦᠨ ᠱᠠᠲᠤᠨ ᠳᠤ ᠦᠢᠯᠡᠴᠢᠯᠡᠬᠦ ᠰᠢᠷᠢᠰ
ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠦᠨᠳᠦᠰᠦᠨ ᠱᠠᠲᠤ ᠳᠠᠰᠢ ᠬᠡᠯᠪᠠᠶᠢᠯᠭᠡᠬᠦ᠂ ᠦᠢᠯᠡᠴᠢᠯᠡᠭᠡᠨ ᠤ ᠨᠢᠭᠡᠳᠦᠭᠡᠷ ᠹᠷᠣᠨᠲ ᠲᠤ ᠪᠠᠶᠢᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠯᠴᠢᠨ ᠲᠠᠷᠢᠶᠠᠴᠢᠨ ᠯᠤᠭ᠎ᠠ ᠦᠢᠯᠡᠳᠪᠦᠷᠢᠯᠡᠯ ᠵᠣᠯᠭᠠᠯᠴᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠮᠠᠯᠴᠢᠨ ᠲᠠᠷᠢᠶᠠᠴᠢᠳ ᠲᠤ ᠬᠦᠷᠭᠡᠵᠦ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠬᠦᠴᠦᠯᠡᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠵᠤ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠥᠨᠳᠥᠷ ᠦᠷ᠎ᠡ ᠠᠰᠢᠭᠲᠤ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠶᠢ ᠲᠠᠯᠪᠢᠨ ᠥᠭᠴᠦ᠂ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠣᠭᠲᠠᠭᠤᠨ ᠢᠶᠠᠷ ᠤᠷᠤᠭᠰᠢᠯᠠᠭᠤᠯᠬᠤ ᠳᠤ ᠬᠦᠴᠦᠨ ᠨᠡᠮᠡᠷᠢᠯᠡᠪᠡ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2