ᠤᠯᠠᠭᠠᠨᠬᠤᠸᠠ ᠪᠠᠯᠭᠠᠰᠤᠨ ᠤ  ᠸᠧᠢᠢᠵᠢᠩ ᠵᠠᠮ ᠨᠡᠶᠢᠭᠡᠮ ᠲᠣᠭᠤᠷᠢᠭ ᠤᠨ ᠣᠶᠤᠨᠴᠢ ᠨᠠᠰᠤᠵᠢᠯ ᠤᠨ ᠠᠰᠠᠷᠠᠮᠵᠢ ᠶᠢᠨ ᠲᠠᠪᠴᠠᠩ ᠦᠢᠯᠡᠴᠢᠯᠡᠭᠡ ᠡᠬᠢᠯᠡᠭᠦᠯᠦᠭᠰᠡᠨ
ᠨᠡᠶᠢᠲᠡᠯᠡᠭᠰᠡᠨ ᠴᠠᠭ᠄
2023/12/19
      ᠤᠯᠠᠭᠠᠨᠬᠤᠸᠠ ᠪᠠᠯᠭᠠᠰᠤᠨ ᠤ  ᠸᠧᠢᠢᠵᠢᠩ ᠵᠠᠮ ᠨᠡᠶᠢᠭᠡᠮ ᠲᠣᠭᠤᠷᠢᠭ ᠤᠨ ᠣᠶᠤᠨᠴᠢ ᠨᠠᠰᠤᠵᠢᠯ ᠤᠨ ᠠᠰᠠᠷᠠᠮᠵᠢ ᠶᠢᠨ ᠲᠠᠪᠴᠠᠩ ᠦᠢᠯᠡᠴᠢᠯᠡᠭᠡ ᠡᠬᠢᠯᠡᠭᠦᠯᠦᠭᠰᠡᠨ              ᠣᠶᠢᠷ᠎ᠠ ᠳᠤ᠂ ᠤᠯᠠᠭᠠᠨᠬᠤᠸᠠ ᠪᠠᠯᠭᠠᠰᠤᠨ ᠤ ᠸᠧᠢᠢᠵᠢᠩ ᠵᠠᠮ ᠨᠡᠶᠢᠭᠡᠮ ᠲᠣᠭᠤᠷᠢᠭ ᠤᠨ ᠣᠶᠤᠨᠴᠢ ᠨᠠᠰᠤᠵᠢᠯ ᠤᠨ ᠠᠰᠠᠷᠠᠮᠵᠢ ᠶᠢᠨ ᠲᠠᠪᠴᠠᠩ ᠡᠬᠢᠯᠡᠨ ᠠᠵᠢᠯᠯᠠᠵᠤ᠂ ᠨᠠᠰᠤᠲᠠᠶᠢᠴᠤᠳ ᠲᠤ ᠨᠠᠰᠤᠵᠢᠯ᠂ ᠡᠮᠴᠢᠯᠡᠭᠡ ᠡᠷᠡᠭᠦᠯᠵᠢᠯ᠂ ᠠᠮᠢᠳᠤᠷᠠᠯ ᠤᠨ ᠬᠠᠷᠠᠭᠠᠯᠵᠠᠯ ᠪᠠ ᠣᠶᠤᠨ ᠰᠠᠨᠠᠭᠠᠨ ᠤ ᠬᠠᠯᠠᠮᠵᠢᠯᠠᠯ ᠵᠡᠷᠭᠡ 《 ᠨᠢᠭᠡ ᠥᠷᠲᠡᠭᠡᠨ ᠤ ᠬᠡᠯᠪᠡᠷᠢ 》 ᠶᠢᠨ ᠦᠢᠯᠡᠴᠢᠯᠡᠭᠡ  ᠬᠠᠩᠭᠠᠭᠠᠭᠰᠠᠨ  ᠪᠠᠶᠢᠨ᠎ᠠ ᠃ 
C:\Users\q\Desktop\12 月 苏木\12.18+1.jpg
      ᠣᠶᠤᠨᠴᠢ ᠨᠠᠰᠤᠵᠢᠯ ᠤᠨ ᠠᠰᠠᠷᠠᠮᠵᠢ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠬᠡᠪ ᠵᠠᠭᠪᠤᠷ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠᠷ ᠲᠥᠪ ᠪᠣᠯᠭᠠᠵᠤ᠂ ᠣᠯᠠᠨ ᠵᠦᠢᠯ ᠤᠨ ᠠᠷᠭ᠎ᠠ ᠪᠠᠷᠢᠯ ᠢᠶᠠᠷ ᠥᠪᠡᠷᠮᠢᠴᠡ᠂ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠣᠶᠤᠨᠴᠢ ᠨᠠᠰᠤᠵᠢᠯ ᠤᠨ ᠠᠰᠠᠷᠠᠮᠵᠢ ᠨᠢ ᠨᠠᠰᠤᠲᠠᠶᠢᠴᠤᠳ ᠲᠤ ᠨᠡᠩ ᠳᠥᠭᠦᠮ ᠲᠦᠳᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ ᠪᠣᠯᠬᠤ ᠶᠢᠨ ᠬᠠᠮᠲᠤ᠂ ᠭᠡᠷ ᠪᠦᠯᠢ ᠪᠣᠯᠤᠨ ᠨᠡᠶᠢᠭᠡᠮ ᠤᠨ ᠨᠠᠰᠤᠵᠢᠯ ᠤᠨ ᠳᠠᠷᠤᠯᠲᠠ ᠶᠢ  ᠬᠥᠩᠭᠡᠷᠡᠭᠦᠯᠵᠦ ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯᠲᠤ ᠰᠡᠳᠬᠢᠯᠭᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ 
C:\Users\q\Desktop\12 月 苏木\12.18+2.jpg 
C:\Users\q\Desktop\12 月 苏木\12.18+3.jpg      
      ᠸᠧᠢᠢᠵᠢᠩ ᠵᠠᠮ ᠨᠡᠶᠢᠭᠡᠮ ᠲᠣᠭᠤᠷᠢᠭ ᠨᠢ ᠲᠣᠣᠷᠵᠢᠭᠤᠯᠤᠭᠰᠠᠨ ᠵᠠᠰᠠᠯᠲᠠ ᠳᠤ ᠲᠦᠰᠢᠭᠯᠡᠨ᠂ ᠨᠠᠰᠤᠲᠠᠶᠢᠴᠤᠳ ᠤᠨ ᠨᠡᠶᠢᠲᠡ ᠴᠣᠭᠴᠠ ᠳᠤ ᠲᠣᠬᠢᠷᠠᠭᠰᠠᠨ ᠡᠯ᠎ᠡ ᠲᠥᠷᠥᠯ ᠤᠨ ᠳᠥᠭᠦᠮ ᠲᠦᠳᠡ ᠪᠠᠶᠢᠴᠠᠭᠠᠨ ᠯᠠᠪᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠶᠢ ᠪᠠᠶᠢᠭᠤᠯᠵᠤ᠂ ᠢᠯᠠᠩᠭᠤᠶ᠎ᠠ 《 ᠲᠣᠪᠶᠤᠭ ᠤᠨ ᠮᠠᠶ᠋ᠢᠭ ᠤᠨ ᠦᠢᠯᠡᠴᠢᠯᠡᠭᠡ 》 ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠲᠠᠪᠴᠠᠩ ᠤᠨ ᠳᠡᠰ ᠤᠨ ᠠᠵᠢᠯᠲᠠᠨ᠋ ᠠᠴᠠ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠲᠡᠷᠢᠭᠦᠨ ᠳᠤ ᠲᠣᠮᠢᠯᠠᠨ ᠬᠦᠷᠭᠡᠵᠦ᠂ ᠰᠦᠯᠵᠢᠶᠡᠨ ᠳᠡᠭᠡᠷᠡᠬᠢ 《 ᠬᠤᠪᠢ ᠬᠤᠷᠠᠮᠳᠤᠭᠤᠯᠬᠤ ᠳᠦᠷᠢᠮ 》 ᠲᠠᠢ ᠤᠶᠠᠯᠳᠤᠭᠤᠯᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢ ᠭᠡᠷ ᠲᠤᠨᠢ  ᠬᠦᠷᠴᠦ  ᠦᠢᠯᠡᠴᠢᠯᠡᠭᠦᠯᠦᠨ᠂ ᠨᠡᠶᠢᠭᠡᠮ ᠲᠣᠭᠤᠷᠢᠭ ᠤᠨ ᠣᠶᠤᠨᠴᠢ ᠡᠮᠴᠢᠯᠡᠭᠡ ᠨᠠᠰᠤᠵᠢᠯ ᠤᠨ ᠦᠢᠯᠡᠴᠢᠯᠡᠭᠡᠨ ᠤ ᠰᠢᠨ᠎ᠡ ᠰᠢᠰᠲ᠋ᠧᠮᠵᠢ ᠶᠢ ᠪᠠᠶᠢᠭᠤᠯᠵᠤ᠂ ᠨᠠᠰᠤᠲᠠᠳ ᠢ ᠵᠢᠩᠬᠢᠨᠢ 《ᠨᠠᠰᠤᠵᠢᠯ ᠤᠨ ᠠᠰᠠᠷᠠᠮᠵᠢ ᠲᠠᠢ᠂ ᠲᠦᠰᠢᠭ ᠲᠠᠢ ᠪᠠᠶᠢᠯᠭᠠᠬᠤ 》 ᠪᠣᠯᠭᠠᠨ᠎ᠠ᠃  ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2