ᠨᠠᠮ ᠤᠨ ᠲᠥᠪ ᠬᠤᠷᠢᠶ᠎ᠠ ᠮᠠᠤ ᠽᠧ ᠳ᠋ᠦ᠋ᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ | ᠶᠠᠷᠢᠯᠴᠠᠬᠤ ᠬᠤᠷᠠᠯ ᠬᠤᠷᠠᠯᠳᠤᠭᠤᠯᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠮᠠᠤ ᠽᠧ ᠳ᠋ᠦ᠋ᠩ ᠨᠥᠬᠦᠷ ᠤᠨ | ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠯᠢ ᠴᠢᠶᠠᠩ ᠵᠤᠤ | ᠯᠧ ᠵᠢᠢ ᠸᠠᠩ ᠬᠠᠤ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠤ ᠼᠠᠢ ᠴᠢ | ᠬᠤᠷᠠᠯ ᠢ ᠡᠷᠭᠢᠯᠡᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ | 26 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠤ | ᠽᠧ ᠳ᠋ᠦ᠋ᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | | 12 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠮᠠᠤ ᠽᠧ ᠳ᠋ᠦ᠋ᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ ᠨᠢᠩ᠂ ᠼᠠᠢ ᠴᠢ᠂ ᠳ᠋ᠢᠩ ᠰᠢᠤᠸᠠᠢ ᠰᠢᠶᠠᠩ | ᠂ ᠯᠢ ᠰᠢ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠡᠷᠡ᠂ ᠮᠠᠤ ᠽᠧ ᠳ᠋ᠦ᠋ᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ ᠠᠭᠤᠤ | ᠶᠡᠭᠡ ᠬᠤᠪᠢᠰᠬᠠᠯᠴᠢ᠂ ᠪᠠᠶᠢᠯᠳᠤᠬᠤ ᠪᠣᠳᠣᠯᠭᠠᠲᠠᠨ᠂ ᠣᠨᠣᠯᠴᠢ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠠᠭᠤᠤ ᠶᠡᠭᠡ ᠡᠭᠦᠳᠦᠨ ᠨᠡᠭᠡᠭᠡᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ | ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ ᠮᠥᠨ᠂ ᠨᠠᠮ ᠤᠨ ᠨᠢᠭᠡᠳᠦᠭᠡᠷ | ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ᠂ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ ᠳᠦᠷᠰᠦ ᠪᠠᠶᠢᠳᠠᠯ ᠢᠶᠠᠨ ᠲᠤᠶᠢᠯᠪᠤᠷᠢᠲᠠᠢ | ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ᠂ ᠳᠡᠯᠡᠬᠡᠢ ᠶᠢᠨ ᠳᠠᠷᠤᠯᠠᠭᠳᠠᠵᠤ ᠪᠠᠶᠢᠭᠰᠠᠨ | ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃ ᠮᠠᠤ ᠽᠧ ᠳ᠋ᠦ᠋ᠩ ᠤᠨ ᠦᠵᠡᠯ ᠰᠠᠨᠠᠭ᠎ᠠ ᠪᠣᠯ | ᠮᠠᠨ ᠤ ᠨᠠᠮ ᠤᠨ ᠡᠷᠬᠢᠮ ᠨᠠᠨᠳᠢᠨ ᠤᠶᠦᠠ ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠶᠢᠢᠯᠠ ᠠᠵᠢᠯᠯᠠᠭ᠎ᠠ ᠶᠢ | ᠤᠷᠳᠦ ᠬᠤᠭᠤᠴᠠᠭ᠎ᠠ ᠪᠠᠷ ᠵᠢᠯᠤᠭᠤᠳᠬᠤ ᠪᠣᠯᠣᠨ᠎ᠠ᠃ ᠮᠠᠤ ᠽᠧ ᠳ᠋ᠦ᠋ᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ | ᠠᠷᠭ᠎ᠠ ᠪᠣᠯ ᠳᠠᠷᠤᠢ ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ | ᠪᠣᠯᠣᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ | ᠯᠧ ᠵᠢᠢ᠂ ᠸᠠᠩ ᠬᠠᠤ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ | ᠶᠠᠷᠢᠯᠴᠠᠬᠤ ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ ᠰᠢ ᠶᠢᠨ ᠫᠢᠩ ᠶᠠᠷᠢᠶᠠᠨ ᠳᠠᠭᠠᠨ᠂ ᠮᠠᠤ | ᠽᠧ ᠳ᠋ᠦ᠋ᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ | ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ᠃ ᠲᠡᠷᠡ ᠠᠷᠠᠳ | ᠲᠦᠮᠡᠨ ᠢ ᠳᠠᠭᠠᠭᠤᠯᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠶᠢ ᠨᠡᠭᠡᠭᠡᠵᠦ᠂ ᠠᠭᠤᠤ ᠶᠡᠭᠡ | ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠵᠤ᠂ | ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ ᠢ ᠪᠠᠶᠢᠭᠤᠯᠵᠤ᠂ ᠲᠡᠷᠢᠭᠦᠨ ᠤ ᠨᠡᠶᠢᠭᠡᠮ | ᠵᠢᠷᠤᠮᠲᠤ ᠪᠠᠶᠢᠭᠤᠯᠤᠯ ᠢ ᠡᠭᠦᠳᠦᠨ ᠪᠠᠶᠢᠭᠤᠯᠵᠤ᠂ ᠬᠠᠨᠳᠤᠭᠰᠠᠨ ᠵᠦᠭ ᠳᠠᠶᠢᠰᠤᠨ ᠦᠭᠡᠢ ᠰᠢᠨ᠎ᠡ ᠮᠠᠶ᠋ᠢᠭ ᠤᠨ | ᠠᠷᠠᠳ ᠤᠨ ᠴᠡᠷᠢᠭ ᠠᠩᠭᠢ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠤᠯᠤᠰ ᠤᠨ | ᠠᠷᠠᠳ ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ᠂ ᠭᠡᠷᠡᠯ ᠰᠠᠴᠤᠷᠠᠩᠭᠤᠢ ᠥᠨᠢ ᠤᠳᠠᠭᠠᠨ | ᠲᠡᠦᠬᠡᠨ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠤ ᠽᠧ ᠳ᠋ᠦ᠋ᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ ᠲᠦᠮᠡᠨ ᠳᠡᠭᠡᠨ | ᠵᠣᠷᠢᠭᠤᠯᠵᠤ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ | ᠦᠯᠡᠳᠡᠭᠡᠭᠰᠡᠨ ᠶᠤᠮ᠃ ᠮᠠᠤ ᠽᠧ ᠳ᠋ᠦ᠋ᠩ ᠨᠥᠬᠦᠷ ᠨᠢᠭᠡᠨ ᠠᠭᠤᠤ ᠶᠡᠭᠡ ᠬᠤᠪᠢᠰᠬᠠᠯ ᠤᠨ ᠤᠳᠤᠷᠢᠳᠤᠭᠴᠢ ᠶᠢᠨ | ᠥᠨᠳᠥᠷ ᠲᠤ ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ ᠠᠯᠤᠰ ᠤᠨ ᠬᠠᠷᠠᠴᠠ᠂ ᠡᠷᠡᠰ ᠭᠤᠶᠢᠪᠢᠰᠢ ᠦᠭᠡᠢ | ᠬᠤᠪᠢᠰᠬᠠᠯᠲᠤ ᠢᠲᠡᠭᠡᠯ ᠪᠢᠰᠢᠷᠡᠯ᠂ ᠵᠣᠷᠢᠭᠲᠠᠢ ᠪᠠᠷ ᠵᠠᠮ ᠨᠡᠭᠡᠭᠡᠬᠦ ᠶᠡᠷᠦ ᠪᠤᠰᠤ ᠶᠢᠨ ᠰᠥᠰᠥ ᠵᠣᠷᠢᠭ᠂ ᠮᠠᠰᠢ | ᠪᠣᠯᠪᠠᠰᠤᠷᠠᠩᠭᠤᠢ ᠲᠡᠮᠡᠴᠡᠯ ᠤᠨ ᠤᠷᠠᠯᠢᠭ᠂ ᠰᠢᠯᠭᠠᠷᠠᠭᠰᠠᠨ ᠬᠡᠳᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ᠂ | ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ᠂ ᠬᠠᠨᠠᠭᠠᠷ ᠠᠭᠤᠳᠠᠮ ᠬᠡᠬᠦᠳᠡᠭ | ᠴᠡᠭᠡᠵᠢ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠰᠤᠷᠲᠠᠯ ᠢ ᠢᠯᠡᠷᠡᠭᠦᠯᠵᠦ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠶ᠋ᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ | ᠪᠠᠶᠢᠨ᠎ᠠ᠂ ᠮᠠᠤ ᠽᠧ ᠳ᠋ᠦ᠋ᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠭᠤᠣᠯ ᠡᠭᠦᠷᠭᠡ ᠪᠣᠯᠣᠨ᠎ᠠ᠃ ᠡᠨᠡ ᠪᠣᠯ ᠮᠠᠤ ᠽᠧ ᠳ᠋ᠦ᠋ᠩ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠠᠶᠠᠨ ᠳᠠᠭᠠᠨ ᠪᠢᠳᠡ ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ | ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ | ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ | ᠲᠦᠮᠡᠨ ᠤ ᠦᠢᠯᠡᠰ ᠮᠥᠨ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠤ ᠳᠤᠮᠳᠠ | ᠬᠠᠳᠠᠭᠠᠯᠠᠭᠳᠠᠵᠤ ᠪᠠᠶ᠋ᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ᠂ ᠪᠦᠭᠦ | ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ | ᠲᠦᠮᠡᠨ ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠶᠢᠨ ᠪᠣᠳᠠᠰᠴᠢ | ᠦᠵᠡᠯ ᠤᠨ ᠦᠨᠳᠦᠰᠦᠨ ᠦᠵᠡᠯᠲᠡ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ | ᠪᠠᠷᠢᠮᠲᠠᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠳᠤᠷ ᠬᠠᠮᠠᠭᠠᠯᠠᠬᠤ | ᠂ ᠰᠠᠶᠢᠳᠤᠷ ᠪᠡᠶᠡᠯᠡᠭᠦᠯᠬᠦ᠂ ᠰᠠᠶᠢᠳᠤᠷ ᠬᠥᠭᠵᠢᠭᠦᠯᠬᠦ ᠪᠠᠷ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ | ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ | ᠤᠯᠠᠨ ᠲᠦᠮᠡᠨᠴᠢ ᠱᠤᠭᠤᠮ ᠢᠶᠠᠷ ᠰᠠᠶᠢᠳᠤᠷ ᠵᠠᠮᠨᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ | ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ | ᠲᠦᠮᠡᠨ ᠲᠠᠢ ᠠᠮᠢᠰᠬᠤᠭ᠎ᠠ ᠨᠢᠭᠡᠲᠡᠢ᠂ ᠬᠤᠪᠢ ᠵᠠᠶᠠᠭ᠎ᠠ ᠨᠢᠭᠡᠲᠡᠢ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶ᠋ᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠭᠦᠨ ᠵᠤᠵᠠᠭᠠᠨ᠂ | ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ ᠰᠢ ᠶᠢᠨ ᠫᠢᠩ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠴᠠᠭ | ᠦᠶ᠎ᠡ ᠲᠠᠢ ᠵᠡᠷᠭᠡ ᠪᠠᠷ ᠤᠷᠤᠭᠰᠢᠯᠠᠨ ᠬᠥᠭᠵᠢᠭᠦᠯᠵᠦ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ | ᠡᠭᠦᠳᠦᠯᠲᠡ ᠶᠢ ᠶᠡᠭᠡ ᠪᠠᠷ ᠠᠬᠢᠭᠤᠯᠵᠤ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ | ᠮᠠᠷᠺᠰ ᠤᠨ ᠦᠵᠡᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ | ᠰᠠᠨᠠᠭᠠᠴᠢᠯᠠᠭ᠎ᠠ ᠶᠢ ᠡᠵᠡᠮᠳᠡᠵᠦ᠂ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠲᠠᠰᠤᠷᠠᠯᠳᠠ ᠦᠭᠡᠢ ᠡᠭᠦᠳᠬᠦ ᠠᠮᠵᠢᠯᠲᠠ ᠲᠠᠢ ᠠᠷᠭ᠎ᠠ ᠵᠠᠮ ᠮᠥᠨ᠃ ᠦᠢᠯᠡᠳᠦᠯᠭᠡ ᠬᠡᠵᠢᠶᠡᠳᠡ ᠳᠠᠭᠤᠰᠤᠰᠢ | ᠦᠭᠡᠢ᠂ ᠤᠨᠤᠯ ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ᠂ ᠦᠨᠡᠨ ᠶᠣᠰᠣ ᠶᠢ ᠲᠠᠨᠢᠬᠤ ᠶᠠᠪᠤᠳᠠᠯ | ᠬᠡᠵᠢᠶᠡᠳᠡ ᠳᠠᠭᠤᠰᠤᠰᠢ ᠦᠭᠡᠢ ᠶᠤᠮ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ | ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠦ᠂ ᠨᠡᠩ ᠪᠡᠷᠬᠡ | ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ᠃ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠵᠢᠮ᠎ᠡ ᠶᠣᠰᠣ ᠶᠢ ᠭᠦᠨᠵᠡᠭᠡᠢ ᠬᠠᠶ᠋ᠢᠨ ᠰᠦᠪᠡᠭᠴᠢᠯᠡᠵᠦ᠂ ᠦᠢᠯᠡᠳᠦᠯᠭᠡ ᠳᠤ ᠲᠤᠯᠭᠠᠷᠠᠭᠰᠠᠨ ᠴᠣ᠋ ᠰᠢᠨ᠎ᠡ ᠰᠡᠳᠦᠪ ᠢ | ᠲᠠᠰᠤᠷᠠᠯᠲᠠ ᠦᠭᠡᠢ ᠬᠠᠷᠢᠭᠤᠯᠵᠤ᠂ ᠤᠨᠤᠯ ᠤᠨ ᠰᠢᠨ᠎ᠡ ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ | ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ | ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠳᠤ ᠵᠣᠬᠢᠴᠠᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ᠂ ᠦᠨᠡᠨᠬᠦ ᠬᠢᠵᠦ᠂ | ᠬᠠᠲᠠᠭᠤ ᠲᠠᠢ ᠬᠠᠯᠳᠠᠵᠤ᠂ ᠤᠨᠢᠨ ᠳᠡᠭᠡᠷ᠎ᠡ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠰᠢᠨ᠎ᠡ ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ᠂ ᠭᠠᠭᠴᠠ ᠬᠦ᠋ ᠶᠡᠭᠡ ᠨᠠᠮ ᠤᠨ ᠥᠪᠡᠷᠮᠢᠴᠡ | ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ | ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠠᠪᠠᠯᠭᠠᠨ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ | ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ | ᠪᠦᠭᠦ ᠲᠠᠯ᠎ᠠ ᠪᠠᠷ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠤᠷᠤᠭᠰᠢᠯᠠᠭᠤᠯᠵᠤ᠂ ᠢᠮᠠᠭᠲᠠ | ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠠᠶᠢᠯᠭᠠᠵᠤ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ | ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠯᠭᠠᠬᠤ ᠶᠢ ᠦᠨᠡᠨ ᠬᠦ᠋ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠭᠦ ᠳᠤᠮᠳᠠᠳᠤ ᠶᠢᠨ ᠬᠥᠪᠡᠭᠦᠳ | ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠤᠭ᠎ᠠ ᠦᠢᠯᠡᠰ ᠢ ᠪᠦᠲᠦᠭᠡᠬᠦ ᠶᠢ | ᠱᠠᠭᠠᠷᠳᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ | ᠵᠠᠰᠠᠬᠤ︾᠂ ︽ᠣᠣᠮᠧᠨᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ | ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ | ᠣᠣᠮᠧᠨ ᠢ ᠵᠠᠰᠠᠬᠤ ᠶᠢ ᠪᠠᠷᠢᠮᠲᠠᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ | ᠬᠠᠶᠢᠷᠠᠯᠠᠬᠤ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠲᠥᠪ ᠤᠨ ᠪᠦᠭᠦ ᠲᠠᠯ᠎ᠠ ᠪᠠᠷ | ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢᠨ ᠨᠢᠭᠡᠳᠦᠯ ᠢ ᠪᠠᠲᠤᠯᠠᠬᠤ ᠶᠢ ᠪᠠᠷᠢᠮᠲᠠᠯᠠᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠤᠯᠤᠰ ᠣᠷᠣᠨ ᠤ | ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠳᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ | ᠨᠢᠭᠡᠳᠦᠯ ᠢ ᠪᠡᠶᠡᠯᠡᠭᠦᠯᠬᠦ ᠪᠣᠯ ᠴᠠᠭ ᠤᠨ ᠪᠠᠶᠢᠳᠠᠯ ᠤᠨ ᠬᠠᠨᠳᠤᠰᠢ᠂ ᠲᠥᠪ ᠶᠣᠰᠣᠨ ᠤ ᠬᠠᠨᠳᠤᠰᠢ᠂ ᠠᠷᠠᠳ ᠤᠨ | ᠰᠡᠳᠬᠢᠯ ᠤᠨ ᠬᠠᠨᠳᠤᠰᠢ ᠮᠥᠨ᠂ ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ᠃ | ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ | ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠤ | ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ | ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠶᠠᠮᠠᠷᠪᠠ ᠬᠥᠮᠥᠨ ᠤ ᠶᠠᠮᠠᠷᠪᠠ ᠠᠷᠭ᠎ᠠ ᠮᠠᠶ᠋ᠢᠭ ᠢᠶᠠᠷ ᠲᠠᠶᠢᠸᠠᠨ ᠢ ᠳᠤᠮᠳᠠᠳᠤ | ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶ᠋ᠢᠪᠤᠩ ᠬᠥᠭᠵᠢᠯᠲᠡ ᠶᠢᠨ | ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠥᠭᠡᠳ | ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠪᠢᠳᠡ ᠡᠷᠡᠰ ᠪᠠᠲᠤ ᠪᠠᠷ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠡᠩᠬᠡ | ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ᠂ ᠪᠦᠭᠦ | ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ | ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠵᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃ ᠪᠢᠳᠡ ᠤᠯᠠᠨ ᠤᠯᠤᠰ ᠤᠨ | ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠴᠢᠯᠡᠯᠲᠡ ᠶᠢᠨ ᠵᠥᠪ | ᠴᠢᠭᠯᠡᠯ ᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ | ᠡᠷᠡᠰ ᠬᠡᠷᠡᠭᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ | ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ | ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠤ ᠳᠤᠮᠳᠠᠳᠤ ᠤᠯᠤᠰ | ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠮᠠᠤ ᠽᠧ ᠳ᠋ᠦ᠋ᠩ | ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ ᠠᠭᠤᠤ ᠶᠡᠭᠡ | ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ᠂ ᠮᠠᠤ ᠽᠧ ᠳ᠋ᠦ᠋ᠩ ᠨᠥᠬᠦᠷ ᠤᠨ ᠳᠤᠮᠳᠠᠳᠤ ᠶᠢᠨ ᠦᠨᠳᠦᠰᠦᠲᠡᠨ᠂ ᠳᠤᠮᠳᠠᠳᠤ | ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ | ᠂ ᠮᠠᠤ ᠽᠧ ᠳ᠋ᠦ᠋ᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠᠭ᠎ᠠ ᠪᠣᠯ ᠪᠢᠳᠡᠨ ᠤ ᠦᠷᠭᠦᠯᠵᠢᠯᠡᠨ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ ᠭᠡᠵᠦ | ᠴᠢᠬᠤᠯᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦ᠋ᠩ ᠨᠥᠬᠦᠷ ᠢ ᠳᠤᠷᠠᠰᠬᠠᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠰᠣᠳᠣ ᠮᠡᠷᠭᠡᠨ᠂ ᠨᠠᠷᠢᠨ ᠲᠣᠳᠣᠷᠬᠠᠢ ᠭᠦᠨ ᠭᠦᠨᠵᠡᠭᠡᠢ | ᠪᠠᠶᠢᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠦ᠂ | ᠮᠠᠨ ᠤ ᠨᠠᠮ ᠤᠨ ᠮᠠᠤ ᠽᠧ ᠳ᠋ᠦ᠋ᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ | ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ | ᠪᠠᠶᠢᠳᠠᠯ ᠢ ᠪᠤᠶ ᠪᠤᠯᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ | ᠤᠶᠢᠯᠭᠠᠵᠦ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃ | | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠪᠡ᠃ | | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ | ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ | ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠮᠠᠤ ᠽᠧ ᠳ᠋ᠦ᠋ᠩ ᠨᠥᠬᠦᠷ ᠤᠨ ᠲᠦᠷᠦᠯ ᠰᠠᠳᠤᠨ᠂ ᠤᠤᠯ ᠤᠨ | ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠮᠠᠤ ᠽᠧ ᠳ᠋ᠦ᠋ᠩ | ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ | ︾ ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠠᠴᠠ ᠡᠮᠦᠨ᠎ᠡ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠠᠤ ᠨᠢᠩ᠂ ᠼᠠᠢ ᠴᠢ | ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ ᠲᠡᠷᠢᠭᠦᠯᠡᠭᠴᠢ ᠶᠢᠨ | ᠳᠤᠷᠠᠰᠬᠠᠯ ᠤᠨ ᠲᠠᠩᠬᠢᠮ ᠳᠤ ᠬᠦᠷᠴᠦ ᠢᠷᠡᠪᠡ᠃ ᠬᠤᠶᠢᠲᠤ ᠶᠡᠭᠡ ᠲᠢᠩᠬᠢᠮ ᠳᠤ᠂ ᠨᠠᠮ ᠤᠨ ᠲᠥᠪ ᠬᠤᠷᠢᠶ᠎ᠠ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ | ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ | ᠪᠦᠯᠦᠭ ᠤᠨ ᠪᠤᠰᠤ ᠤᠯᠤᠰ ᠢᠶᠠᠨ ᠬᠠᠶᠢᠷᠠᠯᠠᠬᠤ ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦ᠋ᠩ | ᠨᠥᠬᠦᠷ ᠤᠨ ᠰᠠᠭᠤᠮᠠᠯ ᠭᠦᠷᠦᠭ ᠤᠨ ᠡᠮᠦᠨ᠎ᠡ ᠲᠠᠯᠪᠢᠪᠠ᠃ ᠰᠢ ᠶᠢᠨ ᠫᠢᠩ ᠨᠠᠷ ᠮᠠᠤ ᠽᠧ ᠳ᠋ᠦ᠋ᠩ ᠨᠥᠬᠦᠷ ᠤᠨ ᠰᠠᠭᠤᠮᠠᠯ | ᠭᠦᠷᠦᠭ ᠲᠤ ᠭᠤᠷᠪᠠᠨᠲᠠ ᠶᠣᠰᠣᠯᠠᠵᠤ᠂ ᠳᠠᠷᠠᠭ᠎ᠠ ᠪᠠᠷᠠᠯᠠᠬᠤ ᠲᠢᠩᠬᠢᠮ ᠳᠤ ᠬᠦᠷᠴᠦ᠂ ᠮᠠᠤ ᠽᠧ ᠳ᠋ᠦ᠋ᠩ ᠨᠥᠬᠦᠷ ᠤᠨ ᠭᠡᠭᠡᠨ | ᠳᠦᠷᠢ ᠶᠢ ᠪᠠᠷᠠᠯᠠᠪᠠ᠃ | ᠳᠡᠪᠰᠢᠭᠦᠯᠦᠭᠴᠢ᠄ ᠲᠡᠷᠭᠡᠯ | |