2025 ᠣᠨ ᠪᠤᠯᠳᠠᠯ᠎ᠠ ᠪᠡᠭᠡᠵᠢᠩ ᠤᠨ ᠡᠯ᠎ᠡ ᠲᠣᠭᠤᠷᠢᠭ ᠤᠨ ᠬᠢᠨ ᠴᠥᠮ ᠡᠶᠢᠨ ᠬᠦ ᠰᠤᠷᠭᠠᠭᠤᠯᠢ ᠶᠢ ᠪᠠᠶᠢᠭᠤᠯᠬᠤ ᠪᠤᠯᠤᠨ᠎ᠠ︕
ᠨᠡᠶᠢᠲᠡᠯᠡᠭᠰᠡᠨ ᠴᠠᠭ᠄
2023/2/15
2025 ᠣᠨ ᠪᠤᠯᠳᠠᠯ᠎ᠠ ᠪᠡᠭᠡᠵᠢᠩ ᠤᠨ ᠡᠯ᠎ᠡ ᠲᠣᠭᠤᠷᠢᠭ ᠤᠨ ᠬᠢᠨ ᠴᠥᠮ ᠡᠶᠢᠨ ᠬᠦ ᠰᠤᠷᠭᠠᠭᠤᠯᠢ ᠶᠢ ᠪᠠᠶᠢᠭᠤᠯᠬᠤ ᠪᠤᠯᠤᠨ᠎ᠠ︕        ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠵᠡᠷᠭᠡ  ᠲᠤᠯᠤᠭᠠᠨ  ᠰᠠᠯᠠᠭ᠎ᠠ  ᠮᠥᠴᠢᠷ ᠤᠨ  ᠣᠶᠢᠷ᠎ᠠ ᠳ᠋ᠤ᠋‌ᠨᠡᠶᠢᠲᠡᠯᠡᠭᠰᠡᠨ ︽ᠪᠡᠭᠡᠵᠢᠩ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ  ᠣᠨᠴᠠᠭᠠᠶ  ᠰᠤᠷᠭᠠᠨ  ᠬᠥᠮᠦᠵᠢᠯ ‍ᠤᠨ‌‍ᠬᠥ᠋ᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾ ᠳᠤ᠂  2025  ᠣᠨ  ᠪᠤᠯᠳᠠᠯ᠎ᠠ᠂  ᠪᠡᠭᠡᠵᠢᠩ  ᠬᠤᠲᠠ ᠵᠢᠨ‌ᠣᠨᠴᠠᠭᠠᠶ ᠰᠤᠷᠭᠠᠨ ᠬᠥᠮᠦᠵᠢᠯ ᠤᠨ ᠰᠢᠰᠲ᠋ᠧᠮ ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ᠡᠯ᠎ᠡ ᠲᠣᠭᠤᠷᠢᠭ ᠤᠨ ᠬᠢᠨ  ᠴᠥᠮ‌‍ᠬᠡᠦᠬᠡᠳ ᠤᠨ ᠴᠡᠴᠡᠷᠯᠢᠭ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠰᠤᠷᠤᠯᠭ᠎ᠠ ᠶᠢᠨ  ᠱᠠᠲᠤ  ᠬᠦᠷᠲᠡᠯᠡᠬᠢ‌ᠠᠷᠪᠠᠨ ᠲᠠᠪᠤᠨ ᠵᠢᠯ ᠤᠨ ᠳᠦᠷᠢᠮᠲᠦ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠶᠢᠭᠤᠯᠬᠤ  ᠶᠢᠨ  ᠬᠠᠮᠳᠤ  ᠠᠳᠠᠯᠢ‌‍ᠪᠤᠰᠤ ᠰᠤᠷᠤᠯᠭ᠎ᠠ ᠶᠢᠨ ᠬᠤᠭᠤᠴᠠᠭ᠎ᠠ᠂ ᠠᠳᠠᠯᠢ ᠪᠤᠰᠤ ᠲᠤᠰᠬᠠᠶ ᠮᠡᠷᠭᠡᠵᠢᠯ ᠢ ᠦᠨᠳᠦᠰᠦᠯᠡᠨ ᠣᠨᠴᠠᠭᠠᠶ ᠰᠤᠷᠭᠠᠨ  ᠬᠥᠮᠦᠵᠢᠯ ‍ᠤᠨ‌‍ᠪᠠᠭᠰᠢ ᠶᠢ ᠬᠦᠢᠴᠡᠳ ᠲᠣᠬᠢᠷᠠᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃                 ᠣᠨᠴᠠᠭᠠᠶ ᠰᠤᠷᠭᠠᠨ ᠬᠥᠮᠦᠵᠢᠯ ᠪᠣᠯ  ᠴᠢᠨᠠᠷ  ᠰᠠᠶᠢᠲᠠᠶ  ᠰᠤᠷᠭᠠᠨ  ᠬᠥᠮᠦᠵᠢᠯ ᠤᠨ  ᠰᠢᠰᠲ᠋ᠧᠮ ᠢ  ᠪᠠᠶᠢᠭᠤᠯᠬᠤ ᠵᠢᠨ‌‍ᠴᠢᠬᠤᠯᠠ  ᠠᠭᠤᠯᠭ᠎ᠠ  ᠮᠥᠨ᠃  ᠠᠵᠢᠯᠯᠠᠭ᠎ᠠ ᠶᠢᠨ  ᠲᠥᠯᠥᠪᠯᠡᠭᠡ ᠳᠤ᠂  ᠪᠡᠭᠡᠵᠢᠩ  ᠬᠤᠲᠠ ᠶᠢᠨ ᠬᠢᠨ  ᠣᠨᠴᠠᠭᠠᠶ  ᠰᠤᠷᠭᠠᠨ‌‍ᠬᠥ᠋ᠮᠦᠵᠢᠯ ᠤᠨ ᠲᠤᠰᠬᠠᠶ ᠮᠡᠷᠭᠡᠵᠢᠯ ᠤᠨ ᠪᠠᠭᠰᠢ ᠶᠢᠨ ᠬᠠᠩᠭᠠᠯᠭ᠎ᠠ ᠶᠢ  ᠣᠯᠠᠨ  ᠠᠷᠭ᠎ᠠ  ᠵᠠᠮ ᠢᠶᠠᠷ  ᠨᠡᠮᠡᠭᠳᠡᠭᠦᠯᠵᠦ᠂  ᠣᠨᠴᠠᠭᠠᠶ‌‍ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠲᠣᠬᠢᠷᠠᠭᠤᠯᠤᠯᠲᠠ ᠶᠢ  ᠲᠡᠭᠦᠯᠳᠡᠷᠵᠢᠭᠦᠯᠦᠨ᠂  ᠬᠢᠨᠠᠨ  ᠲᠣᠭᠲᠠᠭᠠᠭᠰᠠᠨ‌‍ᠲ᠋ᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ  ᠣᠷᠣᠨ  ᠲᠤᠭ᠎ᠠ ᠶᠢᠨ  ᠶᠡᠷᠦᠩᠬᠡᠶ  ᠲᠣᠭᠠᠨ ᠤ  ᠳᠣᠲᠣᠷ᠎ᠠ  ᠣᠷᠣᠨ‌‍ᠲ᠋ᠣᠭᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ  ᠲᠣᠬᠢᠷᠠᠭᠤᠯᠵᠤ᠂  ᠣᠨᠴᠠᠭᠠᠶ  ᠰᠤᠷᠭᠠᠨ  ᠬᠥᠮᠦᠵᠢᠯ ᠤᠨ  ᠪᠠᠭᠰᠢ ᠵᠢᠨ‌ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ ᠤᠨ ᠡᠯ᠎ᠡ ᠲᠣᠭᠤᠷᠢᠭ ᠤᠨ ᠬᠢᠨ ᠳᠤᠮᠳᠠᠳᠤ ᠪᠠᠭ᠎ᠠ ᠰᠤᠷᠭᠠᠭᠤᠯᠢ  ᠪᠠ‌‍ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠤᠨ ᠪᠠᠶᠢᠷᠢ ᠳᠤ ᠢᠯᠡ ᠪᠠᠷ ᠤᠷᠢᠬᠤ  ᠣᠨᠴᠠᠭᠠᠶ  ᠰᠤᠷᠭᠠᠨ  ᠬᠥᠮᠦᠵᠢᠯ ‍ᠤᠨ‌‍ᠪᠠᠭᠰᠢ ᠶᠢᠨ ᠠᠵᠢᠯ ᠤᠨ ᠪᠠᠶᠢᠷᠢ ᠶᠢ ᠨᠡᠮᠡᠵᠦ ᠭᠠᠷᠭᠠᠨ᠎ᠠ᠃  ᠣᠨᠴᠠᠭᠠᠶ  ᠰᠤᠷᠭᠠᠨ  ᠬᠥᠮᠦᠵᠢᠯ ᠤᠨ  ᠪᠠᠭᠰᠢ ᠶᠢᠨ  ᠣᠯᠭᠤᠮᠵᠢ ᠵᠢ‌ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠣᠨᠴᠠᠭᠠᠶ ᠰᠤᠷᠭᠠᠨ‌‍ᠬᠥ᠋ᠮᠦᠵᠢᠯ ᠤᠨ ᠪᠠᠭᠰᠢ᠂ ᠠᠩᠭᠢ ᠠᠪᠴᠤ ᠪᠠᠶᠢᠭ᠎ᠠ ᠠᠩᠭᠢ ᠶᠢᠨ ᠡᠷᠬᠢᠯᠡᠭᠴᠢ ᠪᠣᠯᠤᠨ  ᠬᠢᠴᠢᠶᠡᠯᠯᠡᠵᠦ  ᠪᠠᠶᠢᠭ᠎ᠠ  ᠪᠠᠭᠰᠢ  ᠲᠡᠶᠢᠰᠢ‌‍ᠬᠡᠯᠪᠠᠶᠢᠯᠭᠡᠵᠦ᠂ ᠪᠠᠭᠰᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠪᠠ  ᠬᠥᠬᠢᠭᠦᠯᠦᠨ  ᠱᠠᠩᠨᠠᠬᠤ ᠶᠢ  ᠣᠨᠴᠠᠭᠠᠶ  ᠰᠤᠷᠭᠠᠨ‌‍ᠬᠥ᠋ᠮᠦᠵᠢᠯ ᠤᠨ ᠪᠠᠭᠰᠢ ᠲᠡᠶᠢᠰᠢ ᠬᠡᠯᠪᠠᠶᠢᠯᠭᠡᠨ᠎ᠡ ᠭᠡᠵᠦ ᠲᠤᠷᠠᠳᠴᠠᠢ᠃                ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2