ᠰᠢ ᠶᠢᠨ ᠫᠢᠩ ᠾᠧᠪᠧᠢ ᠶᠢᠨ ᠰᠢᠶᠦ᠋ᠩ ᠠᠨ | ᠰᠢᠨ᠎ᠡ ᠲᠣᠭᠤᠷᠢᠭ ᠲᠤ ᠰᠢᠨᠵᠢᠯᠡᠨ | ᠪᠠᠶᠢᠴᠠᠭᠠᠭᠰᠠᠨ ᠪᠥᠭᠡᠳ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢᠠᠬᠢᠭᠤᠯᠬᠤ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠬᠤ ᠳᠠᠭᠠᠨ | ᠴᠢᠬᠤᠯᠠᠴᠢᠯᠠᠭᠰᠠᠨ ᠨᠢ ᠢᠲᠡᠭᠡᠯᠵᠣᠷᠢᠭ ᠢᠶᠠᠨ | ᠪᠠᠲᠤᠳᠬᠠᠵᠤ ᠲᠣᠭᠲᠠᠯ ᠬᠦᠴᠦᠨ ᠢᠶᠠᠨ | ᠪᠠᠲᠤᠯᠠᠵᠤ ᠯᠠᠪᠳᠠᠭᠤᠨ ᠴᠢᠳᠠᠮᠠᠭᠠᠢ | ᠪᠦᠲᠦᠭᠡᠯᠴᠢ ᠪᠠᠷᠠᠵᠢᠯᠯᠠᠵᠤ ᠰᠢᠶᠦ᠋ᠩ ᠠᠨ | ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ | ᠦᠭᠡᠢᠰᠢᠨᠡ ᠪᠠᠷ ᠠᠬᠢᠭᠤᠯᠬᠤ ᠬᠡᠷᠡᠭᠲᠡᠢ ᠯᠢ | ᠴᠢᠶᠠᠩ ᠼᠠᠢ ᠴᠢ ᠳ᠋ᠢᠩ ᠰᠢᠤᠸᠠᠢ ᠰᠢᠶᠠᠩ ᠪᠠᠷ᠎ᠠ | ᠪᠣᠯᠵᠤ ᠰᠢᠨᠵᠢᠯᠡᠨᠪᠠᠶᠢᠴᠠᠭᠠᠭᠰᠠᠨ ᠪᠥᠭᠡᠳ | ᠶᠠᠷᠢᠯᠴᠠᠬᠤ ᠬᠤᠷᠠᠯ ᠳᠤ ᠣᠷᠣᠯᠴᠠᠵᠠᠢ ᠃ | | | | | ᠨᠡᠶᠢᠲᠡᠯᠡᠭᠰᠡᠨ ᠴᠠᠭ᠄2023/5/15 | | | | | ᠰᠢᠨᠬᠤᠸᠠ ᠬᠤᠷᠢᠶ᠎ᠠ ᠶᠢᠨ ᠾᠧᠪᠧᠢ ᠶᠢᠨ | ᠰᠢᠶᠦ᠋ᠩ ᠠᠨ ᠰᠢᠨ᠎ᠡ ᠲᠣᠭᠤᠷᠢᠭ ᠤᠨ 5 | ᠰᠠᠷ᠎ᠠ ᠶᠢᠨ 10 ᠤᠴᠠᠬᠢᠯᠭᠠᠨ ᠮᠡᠳᠡᠭᠡ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ | ᠲᠥᠪ ᠤᠨᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | 10 ᠤ ᠡᠳᠦᠷ ᠾᠧᠪᠧᠢ ᠮᠤᠵᠢ ᠶᠢᠨ ᠰᠢᠶᠦ᠋ᠩ | ᠠᠨᠰᠢᠨᠡ ᠲᠣᠭᠤᠷᠢᠭ ᠲᠤ ᠰᠢᠨᠵᠢᠯᠡᠨ | ᠪᠠᠶᠢᠴᠠᠭᠠᠵᠤ᠂ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠥᠨᠳᠥᠷ ᠪᠠᠷᠢᠮᠵᠢᠶ᠎ᠠ ᠪᠠᠷ | ᠴᠢᠨᠠᠷ ᠰᠠᠶᠢᠲᠠᠢ ᠠᠬᠢᠭᠤᠯᠬᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠬᠤ ᠶᠢᠨ | ᠬᠠᠮᠲᠤᠴᠢᠬᠤᠯᠠ ᠶᠠᠷᠢᠶ᠎ᠠ ᠲᠠᠯᠪᠢᠪᠠ᠃ ᠲᠡᠷᠡ᠂ | ᠰᠢᠶᠦ᠋ᠩ ᠠᠨ ᠰᠢᠨ᠎ᠡ ᠲᠣᠭᠤᠷᠢᠭ ᠨᠢᠭᠡᠨᠲᠡ ᠶᠡᠭᠡ | ᠬᠡᠪᠴᠢᠶ᠎ᠡ ᠪᠠᠷ ᠪᠦᠲᠦᠭᠡᠨᠪᠠᠶᠢᠭᠤᠯᠬᠤ | ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ | ᠴᠢᠳᠠᠮᠵᠢ ᠶᠢ ᠵᠣᠬᠢᠴᠠᠭᠤᠯᠤᠨ | ᠰᠢᠢᠳᠪᠦᠷᠢᠯᠡᠬᠦ ᠶᠢ | ᠵᠣᠯᠭᠠᠭᠤᠯᠬᠤ ᠶᠢᠵᠡᠷᠭᠡ ᠪᠠᠷ | ᠴᠢᠬᠤᠯᠠᠴᠢᠯᠠᠬᠤ ᠱᠠᠲᠤᠨ ᠳᠤ ᠣᠷᠣᠵᠤ᠂ | ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ | ᠰᠠᠶᠢᠲᠠᠢ ᠪᠦᠲᠦᠭᠡᠨᠪᠠᠶᠢᠭᠤᠯᠤᠯᠲᠠ᠂ ᠥᠨᠳᠥᠷ | ᠲᠦᠪᠰᠢᠨ ᠪᠦᠬᠦᠢ ᠬᠠᠮᠢᠶᠠᠷᠤᠯᠲᠠ᠂ ᠴᠢᠨᠠᠷ | ᠰᠠᠶᠢᠲᠠᠢ ᠵᠣᠬᠢᠴᠠᠭᠤᠯᠤᠨ | ᠰᠢᠢᠳᠪᠦᠷᠢᠯᠡᠬᠦᠬᠥᠭᠵᠢᠯᠲᠡ ᠶᠢ ᠵᠡᠷᠭᠡ ᠪᠠᠷ | ᠴᠢᠬᠤᠯᠠᠴᠢᠯᠠᠬᠤ ᠲᠡᠶᠢᠰᠢ ᠰᠢᠯᠵᠢᠪᠡ᠃ ᠢᠲᠡᠭᠡᠯ | ᠵᠣᠷᠢᠭ ᠢᠶᠠᠨ ᠪᠠᠲᠤᠳᠬᠠᠵᠤ᠂ | ᠲᠣᠭᠲᠠᠯᠬᠦᠴᠦᠨ ᠢᠶᠠᠨ ᠪᠠᠲᠤᠯᠠᠵᠤ᠂ | ᠯᠠᠪᠳᠠᠭᠤᠨ ᠴᠢᠳᠠᠮᠠᠭᠠᠢ ᠪᠦᠲᠦᠭᠡᠯᠴᠢ ᠪᠠᠷ | ᠠᠵᠢᠯᠯᠠᠵᠤ᠂ ᠡᠯ᠎ᠡ ᠵᠦᠢᠯ ᠤᠨ | ᠠᠵᠢᠯ ᠤᠨᠲᠠᠰᠤᠷᠠᠯᠲᠠ ᠦᠭᠡᠢ ᠰᠢᠨ᠎ᠡ | ᠠᠬᠢᠴᠠ ᠲᠠᠢ ᠪᠣᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | | | | | ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ | ᠴᠢ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ | ᠳ᠋ᠢᠩ ᠰᠢᠤᠸᠠᠢ ᠰᠢᠶᠠᠩ ᠪᠠᠷ᠎ᠠ ᠪᠣᠯᠵᠤ | ᠰᠢᠨᠵᠢᠯᠡᠨ ᠪᠠᠶᠢᠴᠠᠭᠠᠭᠰᠠᠨ ᠪᠥᠭᠡᠳ | ᠶᠠᠷᠢᠯᠴᠠᠬᠤ ᠬᠤᠷᠠᠯ ᠳᠤ ᠣᠷᠣᠯᠴᠠᠵᠠᠢ᠃ | | | | | | 5 ᠰᠠᠷ᠎ᠠ ᠶᠢᠨ 10 ᠤ ᠡᠳᠦᠷ᠂ ᠰᠢ ᠶᠢᠨ ᠫᠢᠩ | ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠨᠢ ᠶᠤᠸᠠᠢ ᠹᠧᠩ᠂ ᠮᠤᠵᠢ ᠶᠢᠨ ᠳᠠᠷᠤᠭ᠎ᠠ | ᠸᠠᠩ ᠵᠧᠩ ᠫᠦ᠋ ᠶᠢᠨ ᠪᠠᠷ᠎ᠠ | ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ | ᠲᠣᠭᠤᠷᠢᠭ ᠤᠨ ᠲᠦᠷᠭᠡᠨ ᠤ ᠲᠡᠮᠦᠷ ᠵᠠᠮ ᠤᠨ | ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ | ᠭᠠᠵᠠᠷ ᠵᠡᠷᠭᠡ ᠪᠠᠷ ᠭᠦᠨᠵᠡᠭᠡᠶᠢᠷᠡᠵᠦ᠂ | ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ | ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ | ᠬᠢᠪᠡ᠃ | | | | | | ᠲᠤᠰ ᠡᠳᠦᠷ ᠤᠨ ᠦᠳᠡ ᠶᠢᠨ ᠡᠮᠦᠨ᠎ᠡ᠂ | ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ | ᠰᠢᠶᠦ᠋ᠩ ᠠᠨ ᠰᠢᠨᠡᠲᠣᠭᠤᠷᠢᠭ ᠲᠤ ᠬᠦᠷᠴᠦ᠂ | ᠭᠦᠷᠦᠭᠰᠡᠨ ᠤ ᠳᠠᠷᠠᠭ᠎ᠠ ᠡᠩ ᠲᠡᠷᠢᠭᠦᠨ ᠳᠤ | ᠰᠢᠶᠦ᠋ᠩ ᠠᠨ ᠥᠷᠲᠡᠭᠡ ᠶᠢᠨ | ᠪᠦᠲᠦᠭᠡᠨᠪᠠᠶᠢᠭᠤᠯᠤᠯᠲᠠ ᠶᠢᠨ ᠠᠵᠢᠯᠯᠠᠭᠠᠨ ᠤ | ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠢᠶᠦ᠋ᠩ ᠠᠨ ᠦᠷᠳᠡᠭᠡ ᠪᠣᠯ ᠰᠢᠶᠦ᠋ᠩ ᠠᠨᠰᠢᠨᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠠᠩᠬᠠᠨ ᠤ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠲᠦᠷᠤᠯᠵᠦᠢᠯ ᠮᠥᠨ | ᠪᠠᠶᠢᠵᠤ᠂ ᠪᠡᠯᠭᠡ ᠲᠡᠮᠳᠡᠭ ᠤᠨ ᠴᠢᠨᠠᠷᠲᠠᠢ ᠠᠴᠢ | ᠬᠤᠯᠪᠣᠭᠳᠠᠯ ᠲᠠᠢ ᠶᠤᠮ᠃ ᠰᠢ ᠶᠢᠨ ᠫᠢᠩ | ᠤᠷᠢᠳᠬᠤᠵᠢᠳ ᠥᠷᠲᠡᠭᠡᠨ ᠤ ᠵᠣᠭᠰᠣᠭᠠᠯ᠂ ᠲᠡᠷᠭᠡ | ᠬᠦᠯᠢᠶᠡᠬᠦ ᠲᠢᠩᠬᠢᠮ᠂ ᠥᠷᠲᠡᠭᠡᠨ ᠤ ᠭᠠᠳᠠᠨᠠᠬᠢ | ᠠᠭᠤᠳᠠᠮ ᠲᠠᠯᠠᠪᠠᠢ ᠶᠢᠪᠠᠶᠢᠴᠠᠭᠠᠨ ᠦᠵᠡᠵᠦ᠂ | ᠰᠢᠶᠦ᠋ᠩ ᠠᠨ ᠥᠷᠲᠡᠭᠡᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠪᠣᠯᠣᠨ | ᠪᠠᠶᠢᠭ᠎ᠠ ᠽᠠᠨᠭᠠᠩ ᠲᠣᠭᠤᠷᠢᠭ ᠤᠨ | ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ | ᠣᠶᠢᠯᠠᠭᠠᠪᠠ᠃ ᠰᠢ ᠶᠢᠨ ᠫᠢᠩ᠂ᠰᠢᠶᠦ᠋ᠩ ᠠᠨ | ᠦᠷᠳᠡᠭᠡ ᠪᠣᠯ ᠰᠢᠶᠦ᠋ᠩ ᠠᠨ ᠰᠢᠨ᠎ᠡ | ᠲᠣᠭᠤᠷᠢᠭ ᠤᠨ ᠠᠭᠤᠯᠵᠠᠷ ᠲᠡᠷᠭᠡᠨ ᠦᠷᠳᠡᠭᠡ | ᠪᠣᠯᠣᠨ᠎ᠠ᠂ ᠰᠢᠶᠦ᠋ᠩᠠᠨ ᠦᠷᠳᠡᠭᠡ ᠪᠣᠯᠣᠨ | ᠰᠢᠶᠦ᠋ᠩ ᠠᠨ ᠰᠢᠨ᠎ᠡ ᠲᠣᠭᠤᠷᠢᠭ ᠢ ᠬᠤᠯᠪᠣᠨ | ᠨᠡᠪᠲᠡᠷᠡᠭᠦᠯᠬᠦ ᠵᠠᠮ ᠬᠠᠷᠢᠯᠴᠠᠭᠠᠨ ᠤ | ︽ᠨᠠᠷᠢᠨᠴᠢᠰᠤᠨ ᠰᠤᠳᠠᠯ︾ ᠢ ᠴᠢᠨᠠᠭᠰᠢᠳᠠ | ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ | ᠪᠠᠷᠠᠭᠠᠨ ᠤ ᠭᠦᠢᠯᠭᠡᠭᠡ ᠶᠢᠨ ᠲᠥᠪᠯᠡᠷᠡᠬᠦᠪᠠ | ᠲᠠᠷᠬᠠᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ | ᠲᠣᠭᠤᠷᠢᠭ ᠢ ᠳᠡᠭᠡᠳᠦ ᠲᠡᠰ ᠤᠨ ᠳᠡᠭᠡᠳᠦᠰᠢᠨᠡ | ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ | ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ | ᠵᠣᠴᠢᠳ ᠲᠤᠰᠢᠶᠦ᠋ᠩ ᠠᠨ ᠳᠤ ᠢᠷᠡᠮᠡᠭᠴᠡ | ᠰᠢᠶᠦ᠋ᠩ ᠠᠨ ᠰᠢᠨ᠎ᠡ ᠲᠣᠭᠤᠷᠢᠭ ᠤᠨ ᠰᠦᠷ | ᠳᠠᠯᠠᠶᠢᠴᠠᠲᠠᠢ ᠣᠳᠣᠬᠢᠴᠢᠯᠠᠯᠲᠠ ᠶᠢᠨ | ᠰᠢᠨᠡᠳᠦᠷᠰᠦ ᠪᠠᠶᠢᠳᠠᠯ ᠢ ᠮᠡᠳᠡᠷᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠡᠷᠭᠡᠨ ᠳᠤ | ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ | ᠶᠢᠩ ᠨᠡᠶᠢᠭᠡᠮᠲᠣᠭᠤᠷᠢᠭ ᠲᠤ ᠭᠦᠷᠪᠡ᠃ ᠲᠣᠰ | ᠨᠡᠶᠢᠭᠡᠮ ᠲᠣᠭᠤᠷᠢᠭ ᠠᠨ ᠰᠢᠨ᠂ ᠷᠦᠩ ᠴᠧᠩ ᠬᠤᠶᠠᠷ | ᠰᠢᠶᠠᠨ ᠤ 5000 ᠭᠠᠷᠤᠢᠪᠤᠴᠠᠭᠠᠨ ᠨᠡᠭᠦᠯᠭᠡᠭᠰᠡᠨ | ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ | ᠬᠤᠵᠢᠳ ᠨᠠᠮ ᠤᠯᠠᠨ ᠲᠦᠮᠡᠨ ᠤᠦᠢᠯᠡᠴᠢᠯᠡᠭᠡᠨ ᠤ | ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ | ᠲᠠᠩᠬᠢᠮ ᠳᠤ ᠬᠦᠷᠴᠦ᠂ ᠨᠡᠶᠢᠭᠡᠮ | ᠲᠣᠭᠤᠷᠢᠭ ᠤᠨᠠᠵᠢᠯᠲᠠᠨ᠂ ᠲᠤᠬᠠᠢ ᠶᠢᠨ | ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ | ᠪᠠᠶᠢᠭ᠎ᠠ ᠤᠯᠠᠨ ᠲᠦᠮᠡᠨ᠂ ᠬᠤᠭᠤᠯᠠ | ᠢᠳᠡᠵᠦᠪᠠᠶᠢᠭᠠ ᠨᠡᠶᠢᠭᠡᠮ ᠲᠣᠭᠤᠷᠢᠭ ᠤᠨ | ᠨᠠᠰᠤᠲᠠᠶᠢᠴᠤᠳ ᠲᠠᠢ ᠳᠣᠲᠣᠨᠣ ᠪᠠᠷ | ᠶᠠᠷᠢᠯᠴᠠᠵᠤ᠂ ᠠᠷᠠᠳ ᠤᠨ ᠪᠠᠶᠢᠳᠠᠯ ᠤᠨ | ᠡᠬᠡᠲᠠᠩᠰᠠ ᠶᠢ ᠨᠠᠷᠢᠨ ᠦᠵᠡᠵᠦ᠂ ᠨᠡᠶᠢᠭᠡᠮ | ᠲᠣᠭᠤᠷᠢᠭ ᠤᠨ ᠥᠷᠨᠢᠭᠦᠯᠦᠭᠰᠡᠨ ᠠᠷᠠᠳ ᠲᠤ | ᠲᠦᠭᠦᠮ ᠦᠵᠡᠭᠦᠯᠭᠦ | ᠨᠠᠰᠤᠵᠢᠯ ᠤᠨᠦᠢᠯᠡᠴᠢᠯᠡᠭᠡ ᠵᠡᠷᠭᠡ ᠶᠢ | ᠨᠤᠲᠠᠯᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠪᠢ ᠪᠤᠴᠠᠭᠠᠨ ᠨᠡᠭᠦᠯᠭᠡᠭᠰᠡᠨ | ᠤᠯᠠᠨᠲᠦᠮᠡᠨ ᠤ ᠲᠥᠯᠥᠭᠡ | ᠰᠠᠨᠠᠭᠠᠰᠢᠷᠠᠭᠰᠠᠭᠠᠷ ᠢᠷᠡᠵᠠᠢ᠂ ᠤᠯᠠᠨ ᠤ | ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ | ᠮᠠᠰᠢᠪᠠᠶᠠᠷᠯᠠᠵᠤ ᠪᠠᠶᠢᠨ᠎ᠠ᠃ ᠰᠢᠶᠦ᠋ᠩ ᠠᠨ | ᠰᠢᠨ᠎ᠡ ᠲᠣᠭᠤᠷᠢᠭ ᠢ ᠰᠠᠶᠢᠲᠤᠷ ᠪᠦᠲᠦᠭᠡᠨ | ᠪᠠᠶᠢᠭᠤᠯᠬᠤ ᠳᠤ᠂ ᠴᠢᠬᠤᠯᠠ ᠨᠢ | ᠠᠮᠤᠷᠠᠮᠤᠭᠤᠯᠠᠩ ᠣᠷᠣᠨ ᠰᠠᠭᠤᠴᠠ ᠪᠠ ᠪᠠᠶᠠᠷ | ᠪᠠᠶᠠᠰᠤᠯ ᠲᠠᠢ ᠠᠵᠤ ᠳᠦᠷᠦᠭᠦ ᠶᠢ | ᠵᠤᠯᠭᠠᠯᠴᠠᠭᠤᠯᠵᠦ᠂ ᠤᠯᠠᠨ | ᠲᠦᠮᠡᠨ ᠢᠲᠣᠭᠲᠠᠭᠤᠨ ᠰᠠᠭᠤᠷᠢᠰᠢᠭᠤᠯᠵᠤ᠂ | ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ | ᠡᠷᠡᠮᠡᠯᠵᠡᠯ ᠲᠠᠢ ᠪᠣᠯᠭᠠᠬᠤ | ᠶᠠᠪᠤᠳᠠᠯᠪᠣᠯᠣᠨᠠ᠃ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠶᠢ | ᠵᠡᠷᠭᠡ ᠪᠠᠷ ᠠᠬᠢᠭᠤᠯᠵᠤ᠂ ᠡᠬᠢᠯᠡᠩᠭᠦᠲᠡ ᠪᠠᠨ | ︽ᠬᠠᠳᠬᠤᠮᠠᠯᠬᠠᠳᠬᠤᠬᠤ︾ ᠬᠦᠴᠦ ᠶᠢ | ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ | ᠲᠡᠩᠴᠡᠭᠦᠷᠢᠰᠢᠭᠦᠯᠬᠦ ᠶᠢᠢᠳᠡᠪᠬᠢᠲᠡᠢ | ᠠᠬᠢᠭᠤᠯᠵᠤ᠂ ᠰᠢᠨ᠎ᠡ ᠴᠠᠭ ᠦᠶ᠎ᠡ ᠶᠢᠨ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ | ︽ᠠᠷᠠᠳ ᠤᠨ ᠬᠤᠳᠠ︾ ᠶᠢ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠪᠤᠴᠠᠭᠠᠨ ᠨᠡᠭᠦᠯᠭᠡᠭᠰᠡᠨ | ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ | ᠬᠦᠷᠴᠦ ᠪᠣᠯᠭᠤᠭᠠᠨᠦᠵᠡᠪᠡ᠃ ᠯᠢ ᠵᠢᠩ ᠾᠧ | ᠶᠡᠷᠦᠩᠬᠡᠢ ᠱᠦᠵᠢ ᠳᠤ᠂ 2021 ᠣᠨ ᠤ 11 ᠰᠠᠷ᠎ᠠ ᠳᠤ | ᠰᠢᠨ᠎ᠡ ᠣᠷᠣᠨ ᠰᠠᠭᠤᠴᠠ ᠳᠤᠨᠡᠭᠦᠨ ᠣᠷᠣᠵᠤ᠂ ᠭᠡᠷ | ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ | ᠲᠦᠢᠯ ᠤᠨ ᠲᠠᠭᠠᠯᠠᠮᠵᠢᠲᠠᠢ ᠪᠠᠶᠢᠵᠤ᠂ | ᠠᠮᠢᠳᠤᠷᠠᠯᠶᠠᠪᠤᠬᠤ ᠲᠤᠲᠤᠮ ᠰᠠᠶᠢᠵᠢᠷᠠᠵᠤ | ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ | ᠰᠢᠨ᠎ᠡ ᠲᠣᠭᠤᠷᠢᠭ ᠢ ᠪᠦᠲᠦᠭᠡᠨᠪᠠᠶᠢᠭᠤᠯᠬᠤ | ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠰᠢᠢᠳᠪᠦᠷᠢᠲᠦᠪᠣᠳᠣᠯᠭᠠ ᠮᠥᠨ᠂ | ᠤᠯᠠᠨ ᠢᠶᠠᠷ ᠢᠶᠠᠨ ᠤᠯᠤᠰ ᠤᠨ | ᠤᠷᠢᠶᠠᠯᠠᠭ᠎ᠠ ᠶᠢ ᠴᠤᠤᠷᠢᠶᠠᠲᠤᠨ᠂ | ᠢᠳᠡᠪᠬᠢᠲᠡᠢ ᠬᠠᠮᠵᠢᠯᠴᠠᠵᠤ᠂ᠤᠯᠤᠰ ᠤᠨ | ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠳᠤ ᠬᠤᠪᠢ ᠨᠡᠮᠡᠷᠢ | ᠦᠵᠡᠭᠦᠯᠵᠡᠢ ᠭᠡᠵᠦ ᠴᠢᠬᠤᠯᠠᠴᠢᠯᠠᠪᠠ᠃ | ᠲᠡᠷᠡᠵᠠᠯᠠᠭᠤ ᠨᠢᠭᠡ ᠦᠶ᠎ᠡ ᠶᠢᠨ ᠬᠢᠨ ᠢ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤᠰᠡᠷᠭᠦᠨ | ᠮᠠᠨᠳᠤᠯᠲᠠ ᠶᠢᠨ ᠠᠬᠢᠴᠠ ᠳᠤᠮᠳᠠ ᠢᠲᠡᠭᠡᠯ | ᠵᠣᠷᠢᠭ ᠢᠶᠠᠨ ᠪᠠᠲᠤᠳᠬᠠᠵᠤ᠂ ᠡᠷᠳᠡᠮ | ᠴᠢᠳᠠᠪᠤᠷᠢ ᠶᠢ ᠰᠠᠶᠢᠲᠤᠷᠰᠤᠷᠤᠯᠴᠠᠵᠤ᠂ | ᠨᠤᠲᠤᠭ ᠤᠰᠤᠨ ᠳᠠᠭᠠᠨ ᠪᠤᠶᠠᠨ ᠦᠢᠯᠡᠳᠴᠦ᠂ | ᠨᠡᠶᠢᠭᠡᠮ ᠵᠢᠷᠤᠮ ᠤᠨ ᠦᠢᠯᠡᠰ ᠤᠨ | ᠪᠦᠲᠦᠭᠡᠨᠪᠠᠶᠢᠭᠤᠯᠤᠭᠴᠢ ᠪᠠ | ᠵᠠᠯᠭᠠᠮᠵᠢᠯᠠᠭᠴᠢ ᠪᠣᠯᠣᠭᠠᠷᠠᠢ ᠭᠡᠵᠦ | ᠵᠣᠷᠢᠭᠵᠢᠭᠤᠯᠪᠠ᠃ ᠠᠶᠠᠷᠯᠠᠨ ᠰᠠᠯᠬᠤ | ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ | ᠱᠦᠵᠢ ᠰᠠᠶᠢᠨ︾ ᠭᠡᠵᠦ ᠥᠨᠳᠥᠷᠲᠠᠭᠤᠨ ᠢᠶᠠᠷ | ᠬᠠᠰᠬᠢᠷᠤᠨ᠂ ᠰᠢ ᠶᠢᠨ ᠫᠢᠩ ᠤᠯᠠᠨ ᠤ ᠵᠦᠭ ᠭᠠᠷ | ᠳᠠᠯᠠᠯᠤᠨ ᠮᠡᠨᠳᠦᠴᠢᠯᠡᠯ ᠳᠡᠪᠰᠢᠭᠦᠯᠪᠡ᠃ ᠲᠡᠷᠡ | ᠭᠦᠨᠰᠡᠳᠬᠢᠯᠭᠡ ᠲᠠᠢ ᠪᠠᠷ ᠤᠯᠠᠨ ᠳᠤ᠂ ᠾᠧᠪᠧᠢ | ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ | ᠪᠢ ᠠᠳᠡ ᠬᠠᠶᠢᠷᠠᠰᠡᠳᠬᠢᠯᠭᠡ ᠲᠠᠢ᠂ | ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ | ᠪᠣᠯ ᠮᠢᠨᠤ ᠬᠦᠰᠡᠯ ᠡᠷᠡᠮᠡᠯᠵᠡᠯ ᠮᠥᠨ᠃ ᠰᠢᠶᠦ᠋ᠩ | ᠠᠨᠰᠢᠨᠡ ᠲᠣᠭᠤᠷᠢᠭ ᠢ ᠪᠦᠲᠦᠭᠡᠨ ᠪᠠᠶᠢᠭᠤᠯᠬᠤ | ᠪᠣᠯ ᠮᠢᠩᠭᠠᠨ ᠣᠨ ᠤ ᠶᠡᠭᠡ ᠪᠣᠳᠣᠯᠭ᠎ᠠ᠂ | ᠤᠯᠤᠰ ᠤᠨ ᠶᠡᠭᠡ ᠶᠠᠪᠤᠳᠠᠯ ᠮᠥᠨ᠂ᠭᠦᠪᠰᠦᠷᠭᠡᠵᠤ | ᠬᠥᠭᠡᠷᠴᠦ ᠪᠣᠯᠬᠤ ᠦᠭᠡᠢ᠂ ᠬᠦᠯᠢᠶᠡᠵᠦ ᠲᠦᠰᠢᠵᠦ | ᠠᠪᠴᠤ ᠪᠣᠯᠬᠤ ᠦᠭᠡᠢ᠂ ᠯᠠᠪᠳᠠᠭᠤᠨ | ᠪᠠᠲᠤᠲᠠᠢ ᠪᠠᠷᠴᠢᠷᠮᠠᠶᠢᠵᠤ᠂ ᠤᠳᠠᠭᠠᠨ | ᠳᠠᠭᠠᠭᠠᠮᠠᠭᠠᠢ ᠪᠠᠷ ᠵᠢᠳᠬᠦᠬᠦ ᠬᠡᠷᠡᠭᠲᠡᠢ | ᠭᠡᠪᠡ᠃ | ᠰᠢᠶᠦ᠋ᠩ ᠠᠨ ᠤ ᠬᠤᠳᠠ ᠶᠢᠨ | ᠬᠤᠭᠤᠷᠣᠨᠳᠣᠭᠢ ᠦᠷᠳᠡᠭᠡ ᠶᠢᠨ ᠬᠦᠢᠰᠦ | ᠪᠠᠷᠢᠯᠭ᠎ᠠ ᠨᠢ ᠰᠢᠶᠦ᠋ᠩ ᠠᠨ | ᠰᠢᠨᠡᠲᠣᠭᠤᠷᠢᠭ ᠤᠨ ᠡᠬᠢᠯᠡᠭᠦᠯᠬᠦ ᠣᠷᠣᠨ ᠤ | ᠭᠤᠣᠯ ᠪᠠᠶᠢᠷᠢᠨ ᠳᠤ ᠪᠤᠢ᠃ ᠰᠢ ᠶᠢᠨ ᠫᠢᠩ | ᠰᠢᠶᠦ᠋ᠩ ᠠᠨ ᠤ ᠬᠤᠳᠠ ᠶᠢᠨᠬᠤᠭᠤᠷᠣᠨᠳᠣᠭᠢ | ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ | ᠲᠥᠪ ᠤᠨ ᠲᠦᠷᠤᠯ ᠵᠦᠢᠯ ᠤᠨ | ᠪᠦᠲᠦᠭᠡᠨᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ | ᠦᠵᠡᠵᠦ᠂ ᠲᠠᠭᠲᠤ ᠳᠤ ᠭᠠᠷᠴᠤ᠂ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ | ᠭᠠᠵᠠᠷ ᠢ ᠪᠠᠷᠠᠯᠠᠵᠤ᠂ ᠡᠬᠢᠯᠡᠭᠦᠯᠬᠦ ᠣᠷᠣᠨ ᠤ | ᠴᠢᠬᠤᠯᠠ ᠶᠡᠭᠡ ᠰᠠᠭᠤᠷᠢᠲᠥᠬᠦᠭᠡᠷᠦᠮᠵᠢ ᠶᠢᠨ | ᠲᠦᠷᠤᠯ ᠵᠦᠢᠯ ᠵᠢᠴᠢ ᠭᠤᠣᠯᠳᠠᠯᠭ᠎ᠠ ᠲᠠᠢ | ᠲᠠᠷᠬᠠᠭᠠᠨ ᠵᠣᠬᠢᠴᠠᠭᠤᠯᠬᠤ ᠲᠦᠷᠤᠯ | ᠵᠦᠢᠯ ᠤᠨᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠠᠬᠢᠴᠠ ᠶᠢᠨ | ᠪᠠᠶᠢᠳᠠᠯ ᠢ ᠣᠶᠢᠯᠠᠭᠠᠪᠠ᠃ ᠰᠢ ᠶᠢᠨ ᠫᠢᠩ᠂ | ᠵᠠᠮᠬᠠᠷᠢᠯᠴᠠᠭᠠ ᠪᠣᠯ ᠤᠳᠤ ᠦᠶ᠎ᠡ ᠶᠢᠨ | ᠬᠤᠳᠠ ᠶᠢᠨ ᠴᠢᠰᠤᠨ ᠰᠤᠳᠠᠯ ᠮᠥᠨ᠃ ᠴᠢᠰᠤᠨ | ᠰᠤᠳᠠᠯ ᠰᠠᠭᠠᠳ ᠦᠭᠡᠢᠨᠡᠪᠲᠡᠷᠡᠪᠡᠯ ᠬᠤᠲᠠ ᠨᠢ | ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ | ᠪᠣᠰᠤᠭ᠎ᠠ ᠴᠣᠭᠴᠠᠲᠤ ᠶᠡᠷᠦᠩᠬᠡᠶᠢᠯᠡᠭᠰᠡᠨ | ᠵᠠᠮᠬᠠᠷᠢᠯᠴᠠᠭᠠᠨ ᠤ ᠲᠣᠣᠷ ᠢ ᠪᠦᠲᠦᠭᠡᠨ | ᠪᠠᠶᠢᠭᠤᠯᠬᠤ ᠳᠡᠭᠡᠷ᠎ᠡ ᠬᠦᠴᠦ ᠲᠠᠯᠪᠢᠵᠤ᠂ | ᠭᠠᠵᠠᠷ ᠳᠣᠣᠷᠠᠬᠢ ᠣᠷᠣᠨ ᠵᠠᠢ ᠶᠢᠭᠦᠢᠴᠡᠳ | ᠠᠰᠢᠭᠯᠠᠬᠤ ᠳᠡᠭᠡᠷ᠎ᠡ ᠬᠦᠴᠦ ᠲᠠᠯᠪᠢᠵᠤ᠂ | ︽ᠬᠤᠳᠠ ᠶᠢᠨ ᠡᠪᠡᠳᠴᠢᠨ︾ ᠦᠭᠡᠢ | ᠢᠷᠡᠭᠡᠳᠦᠢ ᠶᠢᠨ ᠬᠤᠳᠠ ᠶᠢᠬᠦᠴᠦᠯᠡᠨ | ᠪᠠᠶᠢᠭᠤᠯᠵᠤ᠂ ᠥᠨᠳᠥᠷ ᠪᠠᠷᠢᠮᠵᠢᠶᠠᠲᠤ | ᠬᠤᠳᠠ ᠶᠢᠨ ᠲᠥᠯᠦᠪᠵᠢᠭᠦᠯᠭᠡ ᠶᠢᠨ ᠠᠤᠭ᠎ᠠ | ᠲᠥᠰᠥᠪ ᠢ ᠦᠨᠡᠨ ᠬᠦᠴᠢᠨᠠᠷ ᠰᠠᠶᠢᠲᠠᠢ | ᠬᠤᠳᠠ ᠶᠢᠨ ᠬᠥᠭᠵᠢᠯᠲᠡ ᠶᠢᠨ ᠪᠣᠳᠠᠲᠤ ᠦᠵᠡᠮᠵᠢ | ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠵᠢᠭᠠᠵᠤᠭᠠᠷᠭᠠᠪᠠ᠃ | ᠦᠳᠡ ᠶᠢᠨ ᠬᠤᠶᠢᠨ᠎ᠠ᠂ ᠰᠢ ᠶᠢᠨ ᠫᠢᠩ | ᠰᠢᠶᠦ᠋ᠩ ᠠᠨ ᠤ ᠬᠤᠷᠠᠯ ᠦᠵᠡᠰᠬᠦᠯᠡᠩ ᠤᠨ | ᠲᠥᠪ ᠤᠨ ᠰᠢᠶᠦ᠋ᠩᠠᠨ ᠲᠢᠩᠬᠢᠮ ᠳᠤ ᠬᠦᠷᠴᠦ᠂ | ᠡᠯᠡᠰᠦᠨ ᠴᠠᠷ᠎ᠠ᠂ ᠸᠢᠳᠢᠤ᠋ ᠣᠬᠤᠷ ᠹᠢᠯᠢᠮ ᠲᠠᠢ | ᠤᠶᠠᠯᠳᠤᠭᠤᠯᠤᠨ᠂ ᠰᠢᠶᠦ᠋ᠩ ᠠᠨ | ᠰᠢᠨᠡᠲᠣᠭᠤᠷᠢᠭ ᠤᠨ ᠪᠦᠬᠦᠯᠢ ᠴᠣᠭᠴᠠ ᠶᠢᠨ | ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ | ᠠᠬᠢᠴᠠ ᠶᠢᠨᠲᠠᠨᠢᠯᠴᠠᠭᠤᠯᠭᠠ ᠶᠢ ᠰᠣᠨᠣᠰᠴᠤ᠂ | ᠪᠠᠢ ᠶᠠᠩ ᠳ᠋ᠢᠶᠠᠨ ᠤ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠪᠠ | ᠬᠠᠮᠠᠭᠠᠯᠠᠯᠲᠠᠵᠢᠴᠢ ᠬᠤᠷᠠᠭᠰᠠᠨ ᠰᠢᠪᠠᠷ ᠢ | ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ | ᠳᠣᠲᠣᠭᠠᠳᠤ ᠤᠰᠤᠨ ᠵᠠᠮ ᠤᠨ | ᠨᠡᠪᠲᠡᠷᠡᠯᠴᠡᠭᠡᠵᠡᠷᠭᠡ ᠠᠵᠢᠯ ᠤᠨ | ᠠᠬᠢᠴᠠ ᠶᠢᠨ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠪᠠᠢ ᠶᠠᠩ ᠳ᠋ᠢᠶᠠᠨ ᠤ ᠠᠮᠢ ᠠᠬᠤᠢ | ᠣᠷᠴᠢᠨᠲᠣᠭᠤᠷᠢᠨ ᠤ ᠵᠠᠰᠠᠯᠲᠠ ᠪᠠ | ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ | ᠪᠠᠶᠢᠭᠤᠯᠵᠤ᠂ ᠮᠢᠩᠭᠠᠨ ᠣᠨ ᠳᠤ | ᠠᠰᠢᠭᠬᠦᠷᠲᠡᠭᠡᠬᠦ ᠤᠴᠢᠷ ᠠᠴᠠ ᠡᠷᠬᠡᠪᠰᠢ | ᠨᠢᠭᠡᠳᠦᠯᠲᠡᠢ ᠲᠥᠯᠥᠪᠵᠢᠭᠦᠯᠦᠨ | ᠰᠦᠪᠡᠭᠴᠢᠯᠡᠵᠦ᠂ ᠯᠠᠪᠳᠠᠭᠤᠨ ᠪᠠᠲᠤᠲᠠᠢ | ᠠᠬᠢᠭᠤᠯᠬᠤᠬᠡᠷᠡᠭᠲᠡᠢ ᠭᠡᠵᠦ | ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠬᠤᠷᠠᠯ | ᠦᠵᠡᠰᠬᠦᠯᠡᠩ ᠤᠨ ᠲᠥᠪ ᠤᠨ ᠭᠤᠷᠪᠠᠳᠤᠭᠠᠷ | ᠳᠠᠪᠬᠤᠷᠭ᠎ᠠ ᠶᠢᠨ ᠤᠯᠠᠨᠴᠢᠳᠠᠪᠬᠢᠲᠤ | ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷᠴᠢᠨᠠᠷ ᠰᠠᠶᠢᠲᠠᠢ | ᠠᠬᠢᠭᠤᠯᠬᠤ ᠲᠤᠬᠠᠢ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠪᠠ᠃ ᠤᠯᠤᠰ ᠤᠨ | ᠬᠥᠭᠵᠢᠭᠦᠯᠦᠯᠲᠡᠪᠠ ᠥᠭᠡᠷᠡᠴᠢᠯᠡᠯᠲᠡ ᠶᠢᠨ | ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ | ᠾᠧᠪᠧᠢ ᠮᠤᠵᠢ ᠶᠢᠨ ᠨᠠᠮ ᠤᠨ | ᠬᠤᠷᠢᠶ᠎ᠠ ᠶᠢᠨᠱᠦᠵᠢ ᠨᠢ ᠶᠤᠸᠠᠢ ᠹᠧᠩ᠂ | ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠵᠠᠩᠭᠦᠸᠧ | ᠬᠤᠸᠠ ᠤᠷᠢᠳ ᠬᠤᠵᠢᠳ ᠦᠭᠡ ᠬᠡᠯᠡᠵᠡᠢ᠃ ᠳᠤᠮᠳᠠᠳᠤ | ᠤᠯᠤᠰ ᠤᠨ ᠳᠠᠭᠠᠭᠤᠯᠢ ᠤᠳᠤᠨ ᠤ | ᠰᠦᠯᠵᠢᠶᠡᠨ ᠤᠪᠦᠯᠦᠭᠯᠡᠯ ᠤᠨ ᠬᠢᠵᠠᠭᠠᠷᠲᠤ | ᠺᠣᠮᠫᠠᠨᠢ᠂ ᠳᠤᠮᠳᠠᠳᠤ ᠤᠯᠤᠰ ᠤᠨ | ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨᠭᠤᠣᠯ ᠬᠠᠷᠢᠭᠤᠴᠠᠯᠭᠠᠲᠠᠨ | ᠪᠢᠴᠢᠭ ᠢᠶᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ | ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ | ᠮᠥᠴᠢᠷᠪᠣᠯᠣᠨ ᠪᠡᠭᠡᠵᠢᠩ᠂ ᠲᠢᠶᠠᠨᠵᠢᠨ ᠵᠡᠷᠭᠡ | ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ | ᠾᠧᠪᠧᠢ ᠮᠤᠵᠢ ᠭᠤᠣᠯᠴᠣᠭᠴᠠ ᠶᠢᠨ | ᠬᠠᠷᠢᠭᠤᠴᠠᠯᠭ᠎ᠠ ᠪᠠᠨ ᠢᠳᠡᠪᠬᠢᠲᠡᠢ | ᠭᠦᠢᠴᠡᠳᠬᠡᠵᠦ᠂ ᠰᠢᠶᠦ᠋ᠩ ᠠᠨ ᠰᠢᠨ᠎ᠡ | ᠲᠣᠭᠤᠷᠢᠭ ᠤᠨ ᠨᠠᠮ ᠤᠨᠠᠵᠢᠯᠯᠠᠬᠤ ᠬᠤᠷᠢᠶ᠎ᠠ | ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ | ᠭᠠᠵᠠᠷ ᠤᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢᠭᠦᠢᠴᠡᠳᠬᠡᠵᠦ᠂ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠰᠢᠶᠦ᠋ᠩ ᠠᠨ ᠰᠢᠨ᠎ᠡ ᠲᠣᠭᠤᠷᠢᠭ ᠤᠨᠪᠦᠲᠦᠭᠡᠨ | ᠪᠠᠶᠢᠭᠤᠯᠤᠯᠲᠠ ᠴᠢᠬᠤᠯᠠ ᠶᠡᠭᠡ ᠱᠠᠲᠤᠴᠢ | ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ | ᠲᠣᠭᠤᠷᠢᠭ ᠤᠨᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢᠨ ᠦᠵᠦ ᠲᠥᠯᠥᠪᠯᠡᠭᠡ ᠶᠢ | ᠦᠨᠳᠦᠰᠦᠨ ᠳᠡᠭᠡᠨ ᠪᠡᠶᠡᠯᠡᠭᠦᠯᠵᠦ᠂ | ᠰᠠᠭᠤᠷᠢᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ | ᠪᠣᠯᠵᠤ᠂ ᠪᠡᠭᠡᠵᠢᠩ ᠤᠨ ᠨᠡᠶᠢᠰᠯᠡᠯ ᠤᠨᠪᠤᠰᠤ | ᠴᠢᠳᠠᠮᠵᠢ ᠶᠢ ᠲᠠᠷᠬᠠᠭᠠᠨ ᠵᠣᠬᠢᠴᠠᠭᠤᠯᠬᠤ | ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠵᠤ᠂ | ᠪᠠᠢ ᠶᠠᠩ ᠳ᠋ᠢᠶᠠᠨ ᠤᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠢᠯᠡᠳᠲᠡ ᠦᠷ᠎ᠡ | ᠪᠦᠲᠦᠮᠵᠢ ᠣᠯᠵᠤ᠂ ᠥᠭᠡᠷᠡᠴᠢᠯᠡᠯᠲᠡ | ᠨᠡᠭᠡᠭᠡᠯᠲᠡ ᠶᠢᠭᠦᠨᠵᠡᠭᠡᠶᠢᠷᠡᠭᠦᠯᠬᠦ ᠠᠵᠢᠯ | ᠢᠳᠡᠪᠬᠢᠲᠡᠢ ᠠᠬᠢᠯᠲᠠ ᠲᠠᠢ ᠪᠣᠯᠵᠤ᠂ ᠠᠵᠤ | ᠦᠢᠯᠡᠰ ᠪᠠ ᠰᠢᠨ᠎ᠡ ᠶᠢ ᠡᠭᠦᠳᠬᠦ | ᠡᠯᠧᠮᠧᠨ᠋ᠲ ᠤᠨᠲᠥᠪᠯᠡᠷᠡᠯ ᠤᠨ ᠨᠥᠬᠦᠴᠡᠯ | ᠠᠯᠬᠤᠮ ᠠᠯᠬᠤᠮ ᠢᠶᠠᠷ ᠲᠡᠭᠦᠯᠳᠡᠷᠵᠢᠵᠦ᠂ | ᠪᠤᠴᠠᠭᠠᠨ ᠨᠡᠭᠦᠯᠭᠡᠵᠦ ᠲᠥᠪᠬᠢᠨᠡᠭᠦᠯᠬᠦ | ᠠᠵᠢᠯ ᠢ ᠡᠮᠬᠢᠵᠢᠷᠤᠮ ᠲᠠᠢ ᠪᠠᠷ ᠠᠬᠢᠭᠤᠯᠪᠠ᠃ | ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ | ᠲᠣᠭᠤᠷᠢᠭ ᠦᠭᠡᠢ | ᠪᠠᠶᠢᠭᠰᠠᠨ ᠠᠴᠠ ᠪᠠᠨᠪᠠᠶᠢᠬᠤ ᠪᠣᠯᠵᠤ᠂ | ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ | ᠥᠨᠳᠥᠷ ᠲᠦᠪᠰᠢᠨ ᠪᠦᠬᠦᠢ | ᠣᠳᠣᠬᠢᠴᠢᠯᠠᠭᠰᠠᠨᠬᠤᠳᠠ ᠶᠠᠭ ᠰᠦᠨᠳᠡᠷᠯᠡᠨ | ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ | ᠪᠣᠯᠣᠨ᠎ᠠ᠃ ᠡᠳᠡᠭᠡᠷ ᠠᠮᠵᠢᠯᠲᠠ | ᠪᠦᠲᠦᠮᠵᠢ ᠶᠢᠪᠣᠯ ᠳᠡᠯᠡᠬᠡᠢ ᠳ᠋ᠠᠬᠢᠨ ᠤ | ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ᠂ 3 ᠵᠢᠯ ᠤᠨ ᠰᠢᠨ᠎ᠡ | ᠲᠢᠲᠢᠮᠯᠢᠭᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ | ᠪᠠᠶᠢᠳᠠᠯ ᠳᠣᠣᠷ᠎ᠠ ᠣᠯᠣᠭᠰᠠᠨ ᠶᠤᠮ᠂ | ᠮᠠᠰᠢᠭᠢᠯᠪᠠᠷ ᠪᠤᠰᠤ ᠪᠢᠯᠡ᠃ ᠰᠢᠶᠦ᠋ᠩ ᠠᠨ | ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ | ᠲᠤᠬᠠᠢ ᠨᠠᠮ ᠤᠨ ᠲᠥᠪᠬᠤᠷᠢᠶᠠ ᠶᠢᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠪᠣᠯ | ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ | ᠪᠣᠯᠯᠠᠪᠳᠠᠭᠤᠨ ᠪᠦᠲᠦᠮᠵᠢᠲᠡᠢ ᠭᠡᠳᠡᠭ ᠢ | ᠦᠢᠯᠡᠳᠦᠯᠭᠡ ᠭᠡᠷᠡᠴᠢᠯᠡᠵᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠦᠷᠢᠨ ᠪᠦᠲᠦᠨ᠂ ᠵᠥᠪ | ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ | ᠰᠢᠨᠡᠲᠣᠭᠤᠷᠢᠭ ᠢ ᠪᠦᠲᠦᠭᠡᠨ ᠪᠠᠶᠢᠭᠤᠯᠬᠤ | ᠲᠤᠬᠠᠢ ᠨᠠᠮ ᠤᠨ ᠲᠥᠪ ᠬᠤᠷᠢᠶ᠎ᠠ ᠶᠢᠨ | ᠪᠠᠶᠢᠯᠳᠤᠬᠤ | ᠪᠣᠳᠣᠯᠭ᠎ᠠ ᠶᠢᠨᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦᠪᠣᠳᠣᠯᠭᠠ ᠶᠢᠨ ᠴᠢᠬᠤᠯᠠ ᠶᠡᠭᠡ | ᠪᠣᠳᠠᠲᠤ ᠠᠴᠢ ᠬᠤᠯᠪᠣᠭᠳᠠᠯ ᠪᠠ ᠠᠯᠤᠰ | ᠭᠡᠲᠦ ᠶᠢᠨ ᠲᠡᠦᠬᠡᠲᠦ ᠠᠴᠢ | ᠬᠤᠯᠪᠣᠭᠳᠠᠯ ᠢᠭᠦᠨᠵᠡᠭᠡᠢ ᠣᠶᠢᠯᠠᠭᠠᠵᠤ᠂ | ᠰᠢᠶᠦ᠋ᠩ ᠠᠨ ᠰᠢᠨ᠎ᠡ ᠲᠣᠭᠤᠷᠢᠭ ᠤᠨ ᠲᠤᠬᠠᠢ | ᠨᠠᠮ ᠤᠨ ᠲᠥᠪ ᠬᠤᠷᠢᠶ᠎ᠠ ᠶᠢᠨ | ᠴᠢᠳᠠᠮᠵᠢ ᠶᠢᠨᠪᠠᠶᠢᠷᠢ ᠲᠣᠭᠲᠠᠭᠠᠯᠲᠠ᠂ | ᠲᠡᠦᠬᠡᠲᠦ ᠡᠭᠦᠷᠭᠡ ᠪᠠ ᠵᠠᠷᠴᠢᠮ ᠤᠨ | ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ | ᠲᠥᠷᠥ ᠶᠢᠨᠵᠣᠭᠰᠣᠴᠠ ᠪᠠᠨ | ᠳᠡᠭᠡᠭᠰᠢᠯᠡᠭᠦᠯᠵᠦ᠂ ᠲᠡᠦᠬᠡᠲᠦ ᠲᠡᠰᠪᠦᠷᠢ | ᠲᠡᠪᠴᠢᠶᠡᠷᠢ ᠶᠢ ᠪᠠᠲᠤᠯᠠᠵᠤ᠂ ᠣᠶᠢᠷ᠎ᠠ ᠶᠢᠨ | ᠬᠤᠭᠤᠴᠠᠭᠠᠨ ᠤᠬᠠᠷᠠᠯᠲᠠ ᠪᠣᠯᠣᠨ ᠳᠤᠮᠳᠠ ᠤᠷᠳᠤ | ᠬᠤᠭᠤᠴᠠᠭᠠᠨ ᠤ ᠬᠠᠷᠠᠯᠲᠠ᠂ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠬᠤᠷᠳᠤᠴᠠᠪᠠ | ᠬᠥᠮᠥᠨ ᠠᠮᠠ ᠶᠢᠨ ᠲᠥᠪᠯᠡᠷᠡᠯ ᠤᠨ ᠬᠡᠪᠴᠢᠶ᠎ᠡ᠂ | ᠠᠵᠤ ᠦᠢᠯᠡᠰ ᠤᠨ ᠰᠢᠯᠵᠢᠯᠲᠡ ᠪᠠ ᠠᠵᠤ | ᠦᠢᠯᠡᠰ ᠤᠨ ᠳᠡᠰᠳᠠᠪᠰᠢᠯᠲᠠ᠂ ᠵᠠᠰᠠᠭ ᠤᠨ | ᠣᠷᠳᠣᠨ ᠪᠠ ᠵᠠᠬ᠎ᠠ ᠳᠡᠯᠭᠡᠭᠦᠷ᠂ ᠪᠡᠭᠡᠵᠢᠩ ᠤᠨ | ᠨᠡᠶᠢᠰᠯᠡᠯ ᠤᠨ ᠪᠤᠰᠤ ᠴᠢᠳᠠᠮᠵᠢ ᠶᠢ | ᠲᠠᠷᠬᠠᠭᠠᠨᠵᠣᠬᠢᠴᠠᠭᠤᠯᠬᠤ ᠪᠠ ᠬᠤᠲᠠ ᠶᠢᠨ ᠲᠣᠰ | ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ | ᠬᠤᠲᠠ ᠶᠢᠨ ᠪᠦᠲᠦᠭᠡᠨᠪᠠᠶᠢᠭᠤᠯᠤᠯᠲᠠ ᠪᠠ | ᠡᠷᠭᠢᠨ ᠲᠣᠭᠤᠷᠢᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ | ᠶᠡᠭᠡᠬᠠᠷᠢᠴᠠᠭᠠ ᠶᠢ ᠰᠠᠶᠢᠲᠤᠷ | ᠰᠢᠢᠳᠪᠦᠷᠢᠯᠡᠵᠦ᠂ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ | ᠪᠠᠬᠥᠭᠵᠢᠯᠲᠡ ᠶᠢᠨ ᠵᠥᠪ ᠴᠢᠭᠯᠡᠯ ᠢ ᠦᠨᠡᠨ ᠬᠦ | ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ | ᠨᠡᠶᠢᠰᠯᠡᠯ ᠤᠨ ᠪᠤᠰᠤ ᠴᠢᠳᠠᠮᠵᠢ ᠶᠢ | ᠲᠠᠷᠬᠠᠭᠠᠨ ᠵᠣᠬᠢᠴᠠᠭᠤᠯᠬᠤ ᠡᠯᠡᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ | ᠬᠤᠶᠠᠳᠤᠭᠠᠷ ᠪᠦᠯᠦᠭ ᠤᠨᠲᠠᠷᠬᠠᠭᠠᠨ | ᠵᠣᠬᠢᠴᠠᠭᠤᠯᠬᠤ ᠠᠵᠢᠯ ᠢ ᠡᠬᠢᠯᠡᠭᠦᠯᠦᠭᠰᠡᠨ | ᠪᠡᠭᠡᠵᠢᠩ ᠳᠤ ᠪᠠᠶᠢᠭ᠎ᠠ ᠲᠥᠪ ᠤᠨ ᠠᠵᠤ | ᠠᠬᠤᠶᠢᠯᠠᠯ ᠤᠨ ᠶᠡᠷᠦᠩᠬᠡᠢᠬᠡᠯᠲᠡᠰ ᠵᠢᠴᠢ | ᠬᠤᠶᠠᠳᠤᠭᠠᠷ᠂ ᠭᠤᠷᠪᠠᠳᠤᠭᠠᠷ ᠳᠡᠰ ᠤᠨ | ᠬᠤᠪᠢᠶᠠᠷᠢ ᠺᠣᠮᠫᠠᠨᠢ ᠪᠤᠶᠤ ᠰᠢᠨ᠎ᠡ ᠶᠢ | ᠡᠭᠦᠳᠬᠦ ᠲᠤᠬᠠᠶᠢᠯᠠᠭᠰᠠᠨᠠᠵᠢᠯ ᠤᠨ ᠬᠡᠰᠡᠭ | ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠰᠢᠨᠵᠢᠯᠡᠬᠦᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ᠂ ᠠᠵᠢᠯ ᠦᠢᠯᠡᠰ ᠤᠨ | ᠨᠢᠭᠡᠴᠡ ᠶᠢ ᠲᠠᠷᠬᠠᠭᠠᠨ ᠰᠢᠯᠵᠢᠭᠦᠯᠬᠦ | ᠠᠵᠢᠯ ᠢᠭᠠᠷᠳᠠᠨ ᠲᠥᠯᠥᠪᠵᠢᠭᠦᠯᠵᠦ | ᠬᠡᠷᠡᠭᠲᠡᠢ᠃ ᠲᠠᠷᠬᠠᠭᠠᠨ ᠵᠣᠬᠢᠴᠠᠭᠤᠯᠬᠤ ᠶᠢ | ᠵᠣᠷᠢᠭᠵᠢᠭᠤᠯᠬᠤ ᠬᠢᠵᠠᠭᠠᠷᠯᠠᠬᠤ | ᠲᠦᠷᠦ ᠶᠢᠨᠪᠣᠳᠣᠯᠭᠠ ᠶᠢᠨ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠬᠦ | ᠬᠡᠷᠡᠭᠲᠡᠢ᠃ ᠲᠠᠷᠬᠠᠭᠠᠨ ᠵᠣᠬᠢᠴᠠᠭᠤᠯᠬᠤ | ᠬᠥᠮᠥᠰ ᠤᠨ ᠦᠷ᠎ᠡᠬᠡᠦᠬᠡᠳ ᠤᠨ ᠰᠤᠷᠭᠠᠨ | ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ | ᠴᠠᠯᠢᠩ ᠬᠥᠯᠥᠰᠦ᠂ ᠨᠡᠶᠢᠭᠡᠮ ᠤᠨ | ᠳᠠᠭᠠᠳᠬᠠᠯ᠂ᠡᠮ ᠡᠮᠨᠡᠯᠭᠡ ᠶᠢᠨ ᠳᠠᠭᠠᠳᠬᠠᠯ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠵᠡᠷᠭᠡ ᠶᠢᠨ ᠬᠤᠯᠪᠣᠭᠳᠠᠯ ᠪᠦᠬᠦᠢᠲᠥᠷᠥ ᠶᠢᠨ | ᠪᠣᠳᠣᠯᠭ᠎ᠠ ᠳᠤ᠂ ᠨᠠᠰᠤᠲᠠᠶᠢᠴᠤᠳ ᠲᠤᠨᠢ | ᠬᠠᠭᠤᠴᠢᠨ ᠠᠷᠭ᠎ᠠ ᠪᠣᠳᠣᠯᠭ᠎ᠠ ᠶᠢ | ᠬᠡᠷᠡᠭᠵᠢᠭᠦᠯᠬᠦ᠂ ᠰᠢᠨᠡᠬᠥᠮᠥᠨ ᠳᠤ ᠰᠢᠨ᠎ᠡ | ᠠᠷᠭ᠎ᠠ ᠬᠡᠷᠡᠭᠵᠢᠭᠦᠯᠬᠦ ᠵᠠᠷᠴᠢᠮ ᠤᠨ | ᠱᠠᠭᠠᠷᠳᠠᠯᠭ᠎ᠠ ᠶᠣᠰᠣᠭᠠᠷ᠂ ᠲᠥᠷᠥ ᠶᠢᠨ | ᠪᠣᠳᠣᠯᠭ᠎ᠠ ᠶᠢᠨ ᠠᠷᠭ᠎ᠠᠬᠡᠮᠵᠢᠶ᠎ᠡ ᠶᠢ ᠤᠯᠠᠮ | ᠴᠢᠨᠠᠭᠰᠢᠳᠠ ᠨᠠᠷᠢᠯᠢᠭᠵᠢᠭᠤᠯᠤᠨ | ᠪᠣᠳᠠᠲᠠᠶᠢᠵᠢᠭᠤᠯᠵᠤ᠂ ᠲᠠᠷᠬᠠᠭᠠᠨ | ᠵᠣᠬᠢᠴᠠᠭᠤᠯᠤᠭᠰᠠᠨ ᠨᠢᠭᠡᠴᠢ ᠪᠠᠠᠵᠢᠯᠲᠠᠨ ᠳᠤ | ᠦᠨᠡᠨ ᠪᠣᠳᠠᠲᠠᠢ ᠠᠰᠢᠭ ᠬᠦᠷᠲᠡᠭᠡᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠵᠠᠬ᠎ᠠ | ᠳᠡᠯᠭᠡᠭᠦᠷ ᠤᠨᠲᠣᠭᠲᠠᠴᠠ ᠪᠠ ᠵᠠᠰᠠᠭ ᠤᠨ | ᠣᠷᠳᠣᠨ ᠤ ᠬᠥᠲᠥᠯᠥᠨ ᠵᠢᠯᠤᠭᠤᠳᠬᠤ ᠶᠢ | ᠤᠶᠠᠯᠳᠤᠭᠤᠯᠬᠤ᠂ ᠲᠦᠷᠦᠯ ᠵᠦᠢᠯ ᠪᠠᠲᠦᠷᠦ ᠶᠢᠨ | ᠪᠣᠳᠣᠯᠭ᠎ᠠ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠵᠠᠬ᠎ᠠ | ᠳᠡᠯᠭᠡᠭᠦᠷᠴᠢᠯᠡᠯᠲᠡ᠂ | ᠬᠠᠤᠯᠢᠵᠢᠯᠳᠠ ᠶᠢᠨᠠᠷᠭ᠎ᠠ ᠪᠠᠷᠢᠯ ᠢᠶᠠᠷ | ᠳᠠᠮᠵᠢᠭᠤᠯᠤᠨ ᠨᠡᠶᠢᠰᠯᠡᠯ ᠤᠨ ᠪᠤᠰᠤ | ᠴᠢᠳᠠᠮᠵᠢ ᠶᠢ ᠭᠠᠳᠠᠭᠰᠢ ᠪᠠᠨ ᠲᠠᠷᠬᠠᠭᠠᠨ | ᠵᠣᠬᠢᠴᠠᠭᠤᠯᠬᠤᠳᠣᠲᠣᠭᠠᠳᠤ ᠬᠦᠳᠡᠯᠭᠡᠬᠦ | ᠬᠦᠴᠦᠨ ᠢ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤᠪᠣᠳᠣᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ | ᠬᠦᠷᠢᠶᠡᠨ ᠤ ᠥᠭᠡᠷᠡᠴᠢᠯᠡᠯᠲᠡ | ᠨᠡᠭᠡᠭᠡᠯᠲᠡ ᠶᠢᠨ ᠬᠤᠰᠢᠭᠤᠷᠠᠯᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠪᠣᠯᠣᠨ | ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ | ᠲᠤᠷᠰᠢᠯᠲᠠ ᠶᠢᠨ ᠵᠢᠱᠢᠶᠡᠦᠵᠡᠭᠦᠯᠭᠦ ᠲᠦᠷᠦᠯ | ᠵᠦᠢᠯ ᠢ ᠰᠢᠶᠦ᠋ᠩ ᠠᠨ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ | ᠴᠢᠷᠮᠠᠶᠢᠵᠤ ᠪᠠᠶᠢᠭᠠᠳ ᠰᠢᠨᠡᠴᠢᠳᠠᠪᠬᠢ ᠶᠢ | ᠪᠠᠶᠢᠭᠤᠯᠵᠤ᠂ ᠰᠢᠨ᠎ᠡ ᠳᠦᠷᠢ ᠲᠥᠷᠬᠦ ᠶᠢ | ᠪᠦᠷᠢᠯᠳᠦᠭᠦᠯᠵᠦ᠂ ᠰᠢᠨ᠎ᠡ ᠠᠵᠤ ᠦᠢᠯᠡᠰ ᠢ | ᠬᠥᠭᠵᠢᠭᠦᠯᠵᠦ᠂ᠰᠢᠨ᠎ᠡ ᠴᠢᠳᠠᠪᠤᠷᠢᠲᠠᠨ ᠢ | ᠲᠥᠪᠯᠡᠷᠡᠭᠦᠯᠵᠦ᠂ ᠰᠢᠨ᠎ᠡ ᠲᠣᠭᠲᠠᠴᠠ ᠶᠢ | ᠪᠠᠶᠢᠭᠤᠯᠵᠤ᠂ ᠰᠢᠶᠦ᠋ᠩ ᠠᠨ ᠰᠢᠨ᠎ᠡ | ᠲᠣᠭᠤᠷᠢᠭ ᠢᠰᠢᠨᠡ ᠴᠠᠭ ᠦᠶ᠎ᠡ ᠶᠢᠨ | ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ | ᠪᠣᠰᠬᠠᠬᠤ ᠬᠠᠯᠠᠭᠤᠨ ᠬᠥᠷᠥᠰᠥ | ᠪᠣᠯᠭᠠᠬᠤᠬᠡᠷᠡᠭᠲᠡᠢ᠃ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦᠣᠷᠴᠢᠨ ᠨᠥᠬᠦᠴᠡᠯ ᠢ | ᠪᠤᠢ ᠪᠣᠯᠭᠠᠵᠤ᠂ ᠠᠯᠢ ᠤᠯᠠᠨ ᠣᠨᠴᠠᠭᠠᠢ | ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ | ᠰᠤᠳᠤᠯᠤᠨᠲᠣᠭᠲᠠᠭᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ | ᠥᠷᠭᠡᠨ ᠢᠶᠠᠷ ᠲᠠᠲᠠᠬᠤ ᠪᠠᠲᠥᠪᠯᠡᠷᠡᠭᠦᠯᠵᠦ | ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠪᠣᠯᠣᠨ | ᠬᠥᠭᠵᠢᠯᠲᠡ ᠳᠤᠣᠷᠣᠯᠴᠠᠭᠤᠯᠵᠤ᠂ ᠬᠥᠮᠥᠰ ᠤᠨ | ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ | ᠴᠤᠭᠯᠠᠷᠠᠵᠤ᠂ ᠬᠦᠴᠦ ᠪᠠᠨ | ᠬᠠᠮᠲᠤᠳᠬᠠᠵᠤᠬᠠᠮᠲᠤ ᠪᠠᠷ ᠪᠠᠶᠢᠭᠤᠯᠬᠤ᠂ | ᠬᠠᠮᠲᠤ ᠪᠠᠷ ᠬᠥᠭᠵᠢᠬᠦ ᠠᠮᠢᠳᠤᠯᠢᠭ | ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ | ᠲᠡᠷᠢᠭᠦᠨ ᠤᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠥᠷᠭᠡᠨ ᠢᠶᠠᠷ ᠬᠡᠷᠡᠭᠯᠡᠵᠦ᠂ | ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠡᠵᠡᠩᠨᠡᠯᠲᠡ ᠶᠢᠨ | ᠬᠡᠯᠪᠡᠷᠢ᠂ᠰᠢᠨ᠎ᠡ ᠵᠠᠭᠪᠤᠷ ᠢ ᠢᠳᠡᠪᠬᠢᠲᠡᠢ | ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠵᠤ᠂ ᠰᠢᠨ᠎ᠡ | ᠬᠦᠳᠡᠯᠭᠡᠬᠦᠡᠨᠧᠷᠭᠢ ᠶᠢ ᠪᠦᠷᠢᠯᠳᠦᠭᠦᠯᠵᠦ᠂ | ᠣᠶᠤᠨᠴᠢ᠂ ᠪᠣᠬᠢᠷᠳᠤᠯ ᠦᠭᠡᠢ᠂ ᠰᠢᠨ᠎ᠡ ᠶᠢ | ᠡᠭᠦᠳᠬᠦ ᠶᠢ ᠰᠢᠶᠦ᠋ᠩ ᠠᠨ ᠰᠢᠨᠡᠲᠣᠭᠤᠷᠢᠭ ᠤᠨ | ᠦᠵᠡᠰᠬᠦᠯᠡᠩᠲᠦ ᠰᠠᠶᠢᠬᠠᠨ ᠨᠡᠷ᠎ᠡ ᠶᠢᠨ | ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ | ᠨᠣᠭᠤᠭᠠᠨ ᠠᠭᠤᠯᠠᠤᠰᠤ ᠪᠣᠯ ᠠᠯᠳᠠ ᠮᠥᠩᠭᠦᠨ | ᠠᠭᠤᠯᠠ ᠮᠥᠨ ᠭᠡᠬᠦ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠪᠣᠬᠢᠷᠳᠤᠯ ᠦᠭᠡᠢ᠂ | ᠪᠠᠭᠠᠨᠡᠭᠦᠷᠡᠰᠦᠲᠥ᠋ᠷᠥᠭᠴᠢᠲᠦ | ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ | ᠰᠢᠨ᠎ᠡ ᠲᠣᠭᠤᠷᠢᠭ ᠢ ᠪᠣᠬᠢᠷᠳᠤᠯ ᠦᠭᠡᠢ | ᠬᠥᠭᠵᠢᠬᠦᠬᠤᠳᠠ ᠶᠢᠨ ᠨᠡᠶᠢᠲᠡᠯᠢᠭ ᠵᠢᠱᠢᠶ᠎ᠡ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ | ᠲᠣᠭᠤᠷᠢᠭ ᠤᠨ ᠤᠳᠤᠷᠢᠳᠬᠤ ᠪᠠᠶᠢᠭᠤᠯᠤᠮᠵᠢ | ᠪᠣᠯᠣᠨᠬᠠᠮᠢᠶᠠᠷᠤᠯᠲᠠ ᠶᠢᠨ ᠲᠣᠭᠲᠠᠴᠠ ᠶᠢ | ᠰᠢᠯᠢᠳᠡᠭᠵᠢᠭᠦᠯᠦᠨ ᠪᠦᠷᠢᠨᠰᠢᠭᠦᠯᠵᠦ᠂ ᠰᠢᠨ᠎ᠡ | ᠲᠣᠭᠤᠷᠢᠭ ᠤᠨ ᠬᠤᠳᠠ ᠶᠢᠨᠬᠠᠮᠢᠶᠠᠷᠤᠯᠲᠠ ᠶᠢᠨ | ᠪᠠᠶᠢᠭᠤᠯᠤᠮᠵᠢ ᠲᠡᠶᠢᠰᠢ ᠬᠤᠪᠢᠷᠠᠬᠤ ᠶᠢ ᠱᠠᠲᠤ | ᠬᠤᠪᠢᠶᠠᠨ ᠠᠯᠬᠤᠮ ᠲᠠᠷᠠᠭ᠎ᠠ ᠬᠤᠪᠢᠶᠠᠨ | ᠯᠠᠪᠳᠠᠭᠤᠨᠡᠮᠬᠢ ᠵᠢᠷᠤᠮ ᠲᠠᠢ ᠪᠠᠷ | ᠠᠬᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ | ᠡᠯ᠎ᠡ ᠱᠠᠲᠤᠨ ᠤ ᠤᠳᠤᠷᠢᠳᠬᠤ ᠪᠠᠭ ᠪᠠᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠺᠠᠳ᠋ᠷ ᠤᠨ ᠡᠩᠨᠡᠭᠡᠨ ᠤ | ᠪᠦᠬᠦᠯᠢ ᠴᠣᠭᠴᠠ ᠶᠢᠨ ᠬᠡᠪ ᠴᠢᠨᠠᠷ | ᠪᠠᠲᠤᠰᠬᠠᠶᠢᠵᠢᠭᠰᠠᠨ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠰᠢᠨ᠎ᠡ | ᠲᠣᠭᠤᠷᠢᠭ ᠤᠨ ᠺᠠᠳ᠋ᠷ ᠢ ᠰᠢᠯᠭᠠᠨ | ᠦᠨᠡᠯᠡᠬᠦᠲᠣᠭᠲᠠᠴᠠ ᠶᠢ ᠲᠡᠭᠦᠯᠳᠡᠷᠵᠢᠭᠦᠯᠵᠦ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ | ᠵᠣᠷᠢᠭᠲᠠᠢ ᠪᠠᠷ | ᠬᠠᠷᠢᠭᠤᠴᠠᠯᠭᠠᠡᠭᠦᠷᠭᠡᠯᠡᠬᠦ᠂ | ᠵᠣᠷᠢᠭᠲᠠᠢ ᠪᠠᠷ ᠰᠢᠨ᠎ᠡ ᠶᠢ ᠡᠭᠦᠳᠬᠦ᠂ | ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠤ ᠬᠤᠳᠠ ᠶᠢ | ᠠᠷᠠᠳ ᠲᠦᠮᠡᠨ ᠪᠦᠲᠦᠭᠡᠨ ᠪᠠᠶᠢᠭᠤᠯᠵᠤ᠂ | ᠠᠷᠠᠳᠲᠦᠮᠡᠨ ᠤ ᠬᠤᠳᠠ ᠶᠢ ᠠᠷᠠᠳ ᠲᠦᠮᠡᠨ ᠤ | ᠲᠥᠯᠥᠭᠡ ᠪᠠᠶᠢᠯᠭᠠᠬᠤ ᠶᠢ ᠪᠠᠷᠢᠮᠲᠠᠯᠠᠵᠤ᠂ | ᠰᠢᠶᠦ᠋ᠩ ᠠᠨ ᠰᠢᠨ᠎ᠡ ᠲᠣᠭᠤᠷᠢᠭ ᠤᠨᠺᠠᠳ᠋ᠷ ᠤᠯᠠᠨ | ᠲᠦᠮᠡᠨ ᠤ ᠠᠩᠬᠠᠷᠴᠤ ᠪᠠᠶᠢᠭ᠎ᠠ ᠲᠤᠰ | ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ | ᠰᠠᠶᠢᠲᠤᠷᠰᠢᠢᠳᠪᠦᠷᠢᠯᠡᠵᠦ᠂ ᠠᠷᠠᠳ ᠤᠯᠠᠨ ᠳᠤ | ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠬᠥᠭᠵᠢᠯᠲᠡ ᠠᠴᠠ | ᠦᠨᠡᠨᠪᠣᠳᠠᠲᠠᠢ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ | ᠠᠵᠢᠯ ᠣᠯᠭᠤᠯᠲᠠ ᠶᠢᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠬᠤ | ᠦᠢᠯᠡᠰ ᠪᠣᠰᠬᠠᠬᠤ ᠶᠢ ᠬᠥᠲᠥᠯᠥᠨ | ᠵᠢᠯᠤᠭᠤᠳᠬᠤᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ | ᠬᠥᠳᠡᠯᠮᠦᠷᠢ ᠬᠦᠴᠦᠨ ᠳᠤ ᠲᠠᠭᠢᠨ ᠠᠵᠢᠯᠣᠯᠭᠤᠬᠤ | ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ | ᠬᠡᠷᠡᠭᠲᠡᠢ᠃ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠨᠬᠥᠭᠵᠢᠭᠦᠯᠬᠦ ᠶᠢ | ᠠᠬᠢᠭᠤᠯᠵᠤ᠂ ᠬᠤᠳᠠ ᠬᠥᠳᠡᠭᠡ ᠶᠢᠨ | ᠵᠥᠷᠢᠶ᠎ᠡ ᠶᠢ ᠪᠠᠭᠠᠰᠬᠠᠬᠤ᠂ ᠬᠤᠳᠠ | ᠬᠥᠳᠡᠭᠡ ᠶᠢᠨ ᠠᠭᠤᠰᠤᠯᠴᠠᠨᠬᠥᠭᠵᠢᠬᠦ ᠶᠢ | ᠠᠬᠢᠭᠤᠯᠬᠤ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠬᠢᠭᠤᠯᠬᠤ | ᠲᠠᠯ᠎ᠠ ᠪᠠᠷ ᠰᠢᠨ᠎ᠡ ᠵᠠᠮᠨᠡᠭᠡᠭᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ | ᠵᠢᠴᠢ ᠡᠯ᠎ᠡᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ | ᠨᠠᠷᠢᠨ ᠬᠢᠨᠠᠮᠠᠭᠠᠢ ᠥᠷᠨᠢᠭᠦᠯᠬᠦ ᠶᠢᠨ | ᠬᠠᠮᠲᠤᠡᠭᠦᠨ ᠢᠶᠠᠷ ᠠᠵᠠ ᠲᠣᠭᠢᠶᠠᠯ ᠪᠣᠯᠭᠠᠵᠤ᠂ | ᠪᠠᠶᠢᠴᠠᠭᠠᠨ ᠰᠤᠳᠤᠯᠤᠯᠲᠠ ᠪᠠᠨ | ᠴᠢᠩᠭᠠᠳᠬᠠᠵᠤ᠂ ᠦᠵᠡᠯ ᠰᠠᠨᠠᠭᠠᠨ ᠤ | ᠶᠡᠭᠡᠴᠢᠯᠦᠭᠡᠯᠡᠯᠲᠡ᠂ ᠴᠢᠳᠠᠪᠤᠷᠢ ᠶᠢᠨ ᠶᠡᠭᠡ | ᠳᠡᠭᠡᠭᠰᠢᠯᠡᠯᠲᠡ᠂ ᠰᠤᠷᠲᠠᠯ ᠤᠨ ᠶᠡᠭᠡ | ᠬᠤᠪᠢᠷᠠᠯᠲᠠ᠂ ᠠᠵᠢᠯ ᠤᠨ | ᠶᠡᠭᠡᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠤᠯᠤᠰ ᠲᠦᠷᠦ ᠶᠢᠨ ᠴᠢᠳᠠᠮᠵᠢ | ᠪᠣᠯᠣᠨ ᠵᠣᠬᠢᠶᠠᠨ | ᠪᠠᠶᠢᠭᠤᠯᠤᠯᠲᠠ ᠶᠢᠨᠴᠢᠳᠠᠮᠵᠢ ᠶᠢ ᠤᠯᠠᠮ | ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ︽ᠲᠦᠷᠪᠡᠨ ᠰᠤᠷᠲᠠᠯ︾ ᠢ ᠦᠷᠭᠦᠯᠵᠢᠯᠡᠨ | ᠵᠠᠯᠠᠷᠠᠭᠤᠯᠤᠨᠵᠠᠰᠠᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢᠨᠢᠭᠡ ᠴᠣᠭᠴᠠᠵᠢᠭᠤᠯᠤᠨ | ᠠᠬᠢᠭᠤᠯᠵᠤ᠂ ︽ᠠᠷᠢᠭᠤᠨ ᠴᠢᠬᠡᠴᠢ ᠰᠢᠶᠦ᠋ᠩ | ᠠᠨ︾ ᠢᠶᠠᠷ ︽ᠰᠢᠶᠦ᠋ᠩ ᠠᠨ ᠤ ᠶᠠᠰᠤ ᠴᠢᠨᠠᠷ︾ ᠢ | ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠰᠢᠶᠦ᠋ᠩ | ᠠᠨ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠥᠨᠳᠥᠷᠪᠠᠷᠢᠮᠵᠢᠶᠠ ᠪᠠᠷ | ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ | ᠦᠨᠳᠦᠰᠦᠨ ᠬᠠᠮᠤᠭ ᠤᠨ ᠵᠠᠩᠭᠢᠯᠠᠭ᠎ᠠ ᠨᠢ | ᠶᠡᠷᠦᠩᠬᠡᠢ ᠱᠦᠵᠢᠰᠢ ᠶᠢᠨ ᠫᠢᠩ ᠤᠨ ᠴᠢᠬᠤᠯᠠ | ᠵᠢᠭᠠᠪᠤᠷᠢ ᠪᠣᠯᠣᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ | ᠪᠣᠳᠣᠯᠭᠠᠪᠠᠶᠢᠷᠢᠯᠠᠭᠤᠯᠤᠯᠲᠠ ᠶᠢ ᠰᠠᠶᠢᠲᠤᠷ | ᠰᠤᠷᠤᠯᠴᠠᠨ ᠣᠶᠢᠯᠠᠭᠠᠵᠤ᠂ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠶᠠᠪᠤᠳᠠᠯᠪᠣᠯᠣᠨᠠ᠃ ︽ᠮᠢᠩᠭᠠᠨ ᠣᠨ ᠤ ᠶᠡᠭᠡ | ᠪᠣᠳᠣᠯᠭ᠎ᠠ︾ ᠶᠢᠨ ᠲᠣᠭᠲᠠᠯ ᠬᠦᠴᠦᠨ ᠲᠠᠢ | ᠪᠠᠶᠢᠵᠤ᠂ ᠰᠢᠶᠦ᠋ᠩ ᠠᠨ ᠰᠢᠨᠡᠲᠣᠭᠤᠷᠢᠭ ᠤᠨ | ᠴᠢᠳᠠᠮᠵᠢ ᠶᠢᠨ ᠪᠠᠶᠢᠷᠢ ᠲᠣᠭᠲᠠᠭᠠᠯᠲᠠ ᠪᠠ | ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ | ᠡᠵᠡᠮᠳᠡᠵᠦ᠂ᠯᠠᠪᠳᠠᠭᠤᠨ ᠪᠠᠲᠤᠲᠠᠢ | ᠠᠵᠢᠯᠯᠠᠵᠤ᠂ ᠤᠷᠳᠤ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ᠃ ︽ᠥᠷᠯᠥᠭᠡ | ᠦᠳᠡᠰᠢ ᠶᠢᠲᠡᠮᠡᠴᠡᠬᠦ︾ ᠡᠷᠴᠢ ᠵᠣᠷᠢᠭ ᠲᠠᠢ | ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ | ᠡᠷᠬᠡᠪᠰᠢ ᠬᠢᠬᠦ ᠴᠢᠬᠤᠯᠠᠲᠠᠢ | ᠶᠠᠪᠤᠳᠠᠯ ᠢᠴᠢᠩᠭᠠ ᠠᠳᠬᠤᠵᠤ᠂ ᠬᠦᠯᠢᠶᠡᠬᠦ | ᠦᠭᠡᠢ ᠤᠳᠠᠭᠠᠰᠢᠷᠠᠭᠤᠯᠬᠤ ᠦᠭᠡᠢ᠂ | ᠱᠠᠯᠠᠮᠠᠭᠠᠶᠢᠯᠠᠨ ᠠᠵᠢᠯᠯᠠᠵᠤ᠂ | ᠪᠡᠭᠡᠵᠢᠩ ᠤᠨᠨᠡᠶᠢᠰᠯᠡᠯ ᠤᠨ ᠪᠤᠰᠤ | ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ | ᠲᠦᠷᠭᠡᠪᠴᠢᠯᠡᠨ ᠵᠣᠯᠭᠠᠭᠤᠯᠵᠤ᠂ | ᠰᠠᠭᠤᠷᠢᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠣᠳᠣᠬᠢᠴᠢᠯᠠᠭᠰᠠᠨ | ᠠᠵᠤᠦᠢᠯᠡᠰ ᠤᠨ ᠰᠢᠰᠲ᠋ᠧᠮ ᠢ ᠬᠦᠴᠦᠯᠡᠨ | ᠪᠠᠶᠢᠭᠤᠯᠵᠤ᠂ ᠡᠯ᠎ᠡ ᠲᠠᠯ᠎ᠠ ᠶᠢᠨ | ᠢᠳᠡᠪᠬᠢᠵᠢᠯ ᠢ ᠭᠦᠢᠴᠡᠳ ᠪᠠᠳᠠᠷᠠᠭᠤᠯᠵᠤ᠂ | ᠡᠯᠡᠵᠦᠢᠯ ᠤᠨ ᠠᠵᠢᠯ ᠤᠨ ᠲᠠᠰᠤᠷᠠᠯᠲᠠ ᠦᠭᠡᠢ | ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ | ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷᠰᠢᠶᠦ᠋ᠩ ᠠᠨ ᠰᠢᠨ᠎ᠡ | ᠲᠣᠭᠤᠷᠢᠭ ᠤᠨ ᠴᠢᠨᠠᠷ ᠰᠠᠶᠢᠲᠠᠢ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢᠨ | ᠦᠨᠳᠦᠰᠦᠪᠣᠯᠭᠠᠵᠤ᠂ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ | ᠡᠭᠦᠳᠬᠦ ᠴᠢᠬᠤᠯᠠ ᠭᠤᠯᠣᠮᠲᠠ ᠶᠢᠬᠦᠴᠦᠯᠡᠨ | ᠪᠠᠶᠢᠭᠤᠯᠵᠤ᠂ ᠲᠡᠷᠢᠭᠦᠨ ᠤ ᠰᠢᠨ᠎ᠡ ᠶᠢ | ᠡᠭᠦᠳᠬᠦ ᠲᠠᠪᠴᠠᠩ ᠢ ᠪᠠᠶᠢᠭᠤᠯᠵᠤ᠂ ᠥᠨᠳᠥᠷ | ᠲᠦᠪᠰᠢᠨ ᠪᠦᠬᠦᠢᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ | ᠥᠷᠨᠢᠭᠦᠯᠬᠦ ᠭᠡᠷᠡᠭᠲᠡᠢ︔ ᠰᠢᠨ᠎ᠡ ᠶᠢ | ᠡᠭᠦᠳᠬᠦᠬᠡᠯᠬᠢᠶᠡ ᠠᠵᠤ ᠦᠢᠯᠡᠰ ᠤᠨ | ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠬᠦᠴᠦᠯᠡᠨ ᠠᠬᠢᠭᠤᠯᠵᠤ᠂ ᠠᠵᠤ | ᠦᠢᠯᠡᠰ ᠤᠨᠬᠡᠯᠬᠢᠶᠡ ᠶᠢᠨ ᠲᠣᠭᠤᠷᠢᠨ ᠳᠤ | ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠤᠨ᠂ ᠰᠢᠨᠵᠢᠯᠡᠬᠦ ᠤᠬᠠᠭᠠᠨ | ᠲᠧᠭᠨᠢᠭᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ | ᠳᠡᠭᠡᠳᠦ ᠰᠢᠨ᠎ᠡ ᠮᠡᠷᠭᠡᠵᠢᠯ ᠤᠨ | ᠠᠵᠤᠦᠢᠯᠡᠰ ᠤᠨ ᠬᠥᠭᠵᠢᠯᠲᠡ ᠶᠢ ᠠᠬᠢᠭᠤᠯᠬᠤ | ᠭᠡᠷᠡᠭᠳᠠᠢ︔ ᠪᠡᠭᠡᠵᠢᠩ ᠲᠢᠶᠠᠨᠵᠢᠨ | ᠾᠧᠪᠧᠢ ᠶᠢᠨ ᠬᠠᠮᠵᠢᠯᠴᠠᠨ ᠰᠢᠨ᠎ᠡ ᠶᠢᠡᠭᠦᠳᠬᠦ | ᠬᠠᠮᠲᠤ ᠶᠢᠨ ᠴᠣᠭᠴᠠ ᠶᠢ ᠬᠦᠴᠦᠯᠡᠨ | ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ | ᠡᠳ᠋ᠯᠡᠬᠦ ᠵᠠᠭᠪᠤᠷ ᠤᠨᠰᠢᠨ᠎ᠡ ᠶᠢ ᠡᠭᠦᠳᠴᠦ᠂ | ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ | ᠡᠬᠢ ᠪᠠᠶᠠᠯᠢᠭ ᠢ ᠰᠢᠩᠭᠡᠬᠡᠨ ᠠᠪᠬᠤ | ᠪᠠᠲᠥᠪᠯᠡᠷᠡᠭᠦᠯᠵᠦ ᠪᠠᠶᠢᠭᠠᠳ ᠰᠢᠶᠦ᠋ᠩ ᠠᠨ | ᠰᠢᠨ᠎ᠡ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤᠣᠷᠣᠯᠴᠠᠭᠤᠯᠬᠤ | ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ | ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ | ᠶᠠᠷᠢᠯᠴᠠᠬᠤᠬᠤᠷᠠᠯ ᠳᠤ ᠣᠷᠣᠯᠴᠠᠵᠤ᠂ ᠦ᠋ ᠵᠧᠩ | ᠯᠦᠩ᠂ ᠮᠦ ᠬᠤᠩ᠂ ᠵᠢᠶᠠᠩ ᠰᠢᠨ ᡁᠢ ᠵᠢᠴᠢ ᠲᠥᠪ ᠤᠨ | ᠪᠠ ᠲᠥᠷᠥ ᠶᠢᠨᠪᠠᠶᠢᠭᠤᠯᠭᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ | ᠠᠩᠭᠢ ᠶᠢᠨ ᠬᠤᠯᠪᠣᠭᠳᠠᠯ ᠪᠦᠬᠦᠢ ᠨᠢᠭᠡᠴᠢ᠂ | ᠾᠧᠪᠧᠢᠮᠤᠵᠢ᠂ ᠰᠢᠶᠦ᠋ᠩ ᠠᠨ ᠰᠢᠨ᠎ᠡ ᠲᠣᠭᠤᠷᠢᠭ᠂ | ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳᠶᠠᠷᠢᠯᠴᠠᠬᠤ | ᠬᠤᠷᠠᠯ ᠳᠤ ᠣᠷᠣᠯᠴᠠᠵᠠᠢ᠃ | | | ᠳᠡᠪᠰᠢᠭᠦᠯᠦᠭᠴᠢ ᠄ ᠲᠡᠷᠭᠡᠯ | | | | | | |