《 ᠤᠭ ᠰᠠᠨᠠᠭ᠎ᠠ ᠪᠠᠨ ᠦᠯᠦ ᠮᠠᠷᠲᠠᠨ ᠡᠷᠡᠯᠬᠡᠭᠯᠡᠨ ᠲᠡᠮᠡᠴᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ 》
ᠨᠡᠶᠢᠲᠡᠯᠡᠭᠰᠡᠨ ᠴᠠᠭ᠄
2023/9/27
《 ᠤᠭ ᠰᠠᠨᠠᠭ᠎ᠠ ᠪᠠᠨ ᠦᠯᠦ ᠮᠠᠷᠲᠠᠨ ᠡᠷᠡᠯᠬᠡᠭᠯᠡᠨ ᠲᠡᠮᠡᠴᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ 》         ᠴᠠᠭ  ᠄  2019 - 03 - 08        ᠡᠷᠬᠢᠮ ᠵᠣᠴᠢᠨ
C:\Users\q\Desktop\2023在线采访\2019.3.8.png
        ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠢᠦ᠋ᠢ ᠯᠢᠶᠠᠩ        ᠲᠣᠪᠴᠢᠯᠠᠭᠤᠷ        ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠯ ᠮᠥᠨ᠂ ᠪᠢᠳᠡ ᠦᠨᠡᠯᠡᠨ ᠵᠢᠱᠢᠵᠦ ᠰᠢᠯᠭᠠᠨ ᠠᠪᠬᠤ ᠶᠢ ᠥᠨᠳᠥᠷ ᠶᠠᠰᠤ ᠴᠢᠨᠠᠷ᠂ ᠥᠨᠳᠥᠷ ᠪᠠᠷᠢᠮᠵᠢᠶ᠎ᠠ ᠣᠪᠣᠷ ᠢᠶᠠᠷ ᠤᠭᠲᠤᠵᠤ᠂ ᠡᠷᠬᠡᠪᠰᠢ ᠠᠷᠭ᠎ᠠ ᠬᠡᠮᠵᠢᠶ᠎ᠡ ᠨᠢ ᠪᠣᠳᠠᠲᠠᠢ ᠶᠢ ᠡᠷᠬᠢᠮᠯᠡᠬᠦ᠂ ᠶᠠᠪᠤᠴᠠ ᠨᠢ ᠯᠠᠪᠳᠠᠭᠤᠨ ᠪᠠᠲᠤᠲᠠᠢ᠂ ᠦᠷ᠎ᠡ ᠳ᠋ᠦ᠋ᠩ ᠨᠢ ᠦᠨᠡᠨ ᠪᠣᠳᠠᠲᠠᠢ ᠪᠠᠶᠢᠬᠤ ᠶᠢ ᠦᠨᠡᠨᠬᠦ ᠪᠠᠲᠤᠯᠠᠵᠤ᠂ ᠶᠠᠳᠠᠭᠤ ᠶᠢ ᠲᠡᠳᠬᠦᠬᠦ᠂ ᠦᠨᠡᠨ ᠶᠠᠳᠠᠭᠤ ᠶᠢ ᠲᠡᠳᠬᠦᠬᠦ ᠨᠢ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠬᠤ ᠬᠡᠷᠡᠭᠲᠡᠢ᠃《 ᠨᠢᠭᠡ ᠭᠤᠣᠯ ᠱᠤᠭᠤᠮ 》 ᠳᠤ ᠠᠩᠬᠠᠷᠤᠯ ᠢᠶᠠᠨ ᠲᠥᠪᠯᠡᠷᠡᠭᠦᠯᠬᠦ᠂ 《 ᠬᠤᠶᠠᠷ ᠵᠦᠢᠯ ᠤᠨ ᠰᠠᠭᠤᠷᠢ 》 ᠶᠢ ᠪᠠᠲᠤᠳᠬᠠᠬᠤ᠂ 《 ᠭᠤᠷᠪᠠᠨ ᠪᠠᠲᠤᠯᠠᠭ᠎ᠠ ᠶᠢ ᠪᠠᠬᠢᠵᠢᠭᠦᠯᠬᠦ 》᠂ 《 ᠳᠥᠷᠪᠡ ᠶᠢ ᠨᠠᠶᠢᠳᠠᠪᠤᠷᠢᠵᠢᠭᠤᠯᠬᠤ 》 ᠶᠢ ᠠᠬᠢᠭᠤᠯᠬᠤ᠂ 《 ᠲᠠᠪᠤ ᠶᠢ ᠳᠡᠭᠡᠭᠰᠢᠯᠡᠭᠦᠯᠬᠦ 》 ᠶᠢ ᠪᠡᠶᠡᠯᠡᠭᠦᠯᠬᠦ 《 12345 》 ᠰᠡᠳᠬᠢᠴᠡ ᠶᠣᠰᠣᠭᠠᠷ᠂ 《 ᠴᠡᠪᠡᠷᠯᠡᠭᠰᠡᠨ ᠴᠦ ᠦᠭᠡᠢ ᠪᠠᠷᠢᠮᠵᠢᠶ᠎ᠠ ᠳᠤ ᠬᠦᠷᠭᠡᠬᠦ 》 ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠢᠯᠠᠯᠲᠠ ᠣᠯᠤᠨ᠎ᠠ᠃       ᠡᠦ ᠢᠦ᠋ᠢ ᠯᠢᠶᠠᠩ ᠶᠠᠭᠤᠨ ᠤ ᠡᠮᠦᠨ᠎ᠡ ᠲᠥᠪᠯᠡᠷᠡᠩᠭᠦᠢ ᠬᠦᠴᠦᠨ ᠢᠶᠠᠨ ᠲᠥᠪᠯᠡᠷᠡᠭᠦᠯᠵᠦ ᠨᠠᠮ ᠨᠢ ᠨᠠᠮ ᠢᠶᠠᠨ ᠬᠠᠮᠢᠶᠠᠷᠬᠤ ᠬᠡᠷᠡᠭᠲᠡᠢ ᠭᠡᠳᠡᠭ ᠰᠠᠨᠠᠯ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠠᠢ᠃ ᠲᠥᠪᠯᠡᠷᠡᠯ ᠤᠨ ᠬᠦᠴᠦᠨ ᠤ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠪᠥᠭᠡᠳ ᠰᠠᠶᠢᠨ ᠵᠦᠭ ᠲᠠᠪᠰᠢᠬᠤ ᠪᠠᠶᠢᠳᠠᠯ ᠢ ᠪᠠᠲᠤᠯᠠᠪᠠ ᠃《 ᠭᠤᠷᠪᠠᠨ ᠶᠡᠭᠡ ᠪᠣᠭᠤᠮᠲᠠ ᠰᠢᠪᠲᠤᠯᠬᠤ ᠲᠡᠶᠢᠨ 》 ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠰᠠᠭᠤᠷᠢ ᠶᠢ ᠪᠠᠲᠤᠳᠬᠠᠪᠠ ;ᠲᠥᠪᠯᠡᠷᠡᠯ ᠤᠨ ᠬᠦᠴᠦᠨ ᠤ ᠪᠦᠲᠦᠴᠡ ᠶᠢᠨ ᠲᠣᠬᠢᠷᠠᠭᠤᠯᠤᠯᠲᠠ ᠳᠤ ᠲᠥᠪᠯᠡᠷᠡᠭᠦᠯᠦᠨ᠂ ᠠᠭᠤᠰᠤᠯᠴᠠᠨ ᠬᠥᠭᠵᠢᠬᠦ ᠠᠮᠢᠵᠢᠷᠠᠯ ᠤᠨ ᠬᠦᠴᠦᠨ ᠢ ᠬᠥᠭᠵᠢᠭᠡᠪᠡ ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠬᠦᠰᠡᠯ ᠡᠷᠡᠮᠡᠯᠵᠡᠯ ᠪᠠ ᠲᠥᠪᠯᠡᠷᠡᠩᠭᠦᠢ ᠠᠩᠬᠠᠷᠤᠯ ᠤᠨ ᠬᠦᠴᠦᠨ ᠳᠤ ᠴᠢᠭᠯᠡᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠡᠳᠦᠨ ᠲᠠᠯ᠎ᠠ ᠪᠠᠷ ᠪᠥᠬᠦ ᠲᠠᠯ᠎ᠠ ᠪᠠᠷ ᠡᠷᠭᠢᠴᠡᠭᠦᠯᠦᠨ ᠳ᠋ᠦ᠋ᠩᠨᠡᠵᠦ ᠪᠠᠶᠢᠨ᠎ᠠ᠃ ᠲᠡᠷᠡ ᠬᠡᠯᠡᠭᠰᠡᠨ ᠨᠢ᠄ 2018 ᠣᠨ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ᠂ ᠨᠠᠮ ᠤᠨ ᠠᠷᠪᠠ ᠵᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠃ ᠨᠢᠭᠡ ᠵᠢᠯ ᠤᠨ ᠲᠣᠷᠰᠢ᠂ ᠬᠤᠰᠢᠭᠤ ᠨᠠᠮ ᠤᠨ ᠬᠤᠷᠢᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ‌‍ᠠ᠋ᠴᠠ ᠲᠣᠭᠲᠠᠭᠠᠭᠰᠠᠨ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ᠂ ᠪᠣᠭᠤᠮᠲᠠ ᠰᠢᠪᠲᠤᠯᠤᠨ ᠬᠦᠴᠢᠷ ᠢ ᠲᠤᠭᠤᠯᠵᠤ᠂ ᠡᠷᠡᠯᠬᠡᠭᠯᠡᠨ ᠲᠡᠮᠡᠴᠡᠵᠦ ᠠᠮᠵᠢᠯᠲᠠ ᠪᠦᠲᠦᠮᠵᠢ ᠭᠠᠷᠭᠠᠵᠤ᠂ ᠵᠣᠷᠢᠭᠲᠠᠢ ᠪᠠᠷ ᠰᠥᠰᠥ ᠵᠣᠷᠢᠭ ᠭᠠᠷᠭᠠᠨ᠂ ᠴᠢᠳᠠᠮᠠᠭᠠᠢ ᠰᠠᠶᠢᠨ ᠬᠢᠵᠦ ᠪᠦᠲᠦᠭᠡᠬᠦ ᠵᠣᠷᠢᠭ ᠰᠠᠨᠠᠭ᠎ᠠ  ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃           ᠡᠦ ᠢᠦ᠋ᠢ ᠯᠢᠶᠠᠩ 2018 ᠣᠨ ᠤ ᠬᠢᠷᠢ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠪᠠᠰᠠ ᠵᠠᠷᠢᠮ ᠣᠮᠲᠣᠭᠠᠶᠢᠯᠠᠵᠤ ᠪᠣᠯᠣᠰᠢ ᠦᠭᠡᠢ ᠠᠰᠠᠭᠤᠳᠠᠯ ᠢ ᠳᠤᠷᠠᠳᠪᠠ᠂ ᠲᠡᠷᠡ ᠮᠥᠷᠲᠡᠭᠡᠨ 2019 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠡᠷᠡ ᠬᠡᠯᠡᠬᠦ ᠳᠡᠭᠡᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠵᠢᠯ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠬᠦᠰᠡᠯ ᠲᠠᠯᠪᠢᠵᠤ ᠪᠠᠶᠢᠭ᠎ᠠ 《 ᠶᠠᠳᠠᠭᠤ ᠠᠴᠠ ᠠᠩᠭᠢᠵᠢᠷᠠᠭᠤᠯᠬᠤ ᠪᠠᠷ ᠮᠠᠯᠠᠭᠠᠢ ᠡᠮᠦᠰᠬᠡᠬᠦ 》 ᠵᠢᠯ ᠪᠣᠯᠤᠨ᠎ᠠ᠃ ᠲᠥᠪ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠨᠢ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠲᠦᠯᠬᠢᠨ ᠤᠷᠤᠭᠰᠢᠯᠠᠭᠤᠯᠬᠤ ᠬᠠᠷᠠᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠠᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ 《 ᠪᠠᠬᠢᠵᠢᠭᠦᠯᠬᠦ᠂ ᠨᠡᠮᠡᠭᠳᠡᠭᠦᠯᠬᠦ᠂ ᠳᠡᠭᠡᠭᠰᠢᠯᠡᠭᠦᠯᠬᠦ᠂ ᠰᠠᠭᠠᠳ ᠦᠭᠡᠢ ᠨᠡᠪᠲᠡᠷᠡᠭᠦᠯᠬᠦ 》 ᠴᠢᠭᠯᠡᠯᠲᠡ ᠶᠢ ᠳᠤᠷᠠᠳᠪᠠ ;ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ‌‍ᠠ᠋ᠴᠠ 《 ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ 》 ᠪᠣᠳᠠᠲᠠᠢ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ‌‍ᠠ᠋ᠴᠠ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ 《 ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ 》 ᠢ ᠡᠷᠡᠰ ᠢᠯᠠᠬᠤ ᠠᠵᠢᠯ ᠢ ᠰᠠᠶᠢᠲᠤᠷ ᠬᠢᠵᠦ᠂ ᠠᠷᠠᠯᠵᠢᠶᠠᠴᠢᠨ ᠤᠷᠢᠬᠤ᠂ ᠲᠥᠷᠥᠯ ᠵᠦᠢᠯ ᠢ ᠠᠳᠬᠤᠬᠤ᠂ ᠠᠷᠠᠳ ᠤᠨ ᠠᠮᠢᠳᠤᠷᠠᠯ ᠢ ᠠᠳᠬᠤᠬᠤ᠂ ᠣᠪᠣᠷ ᠰᠤᠷᠲᠠᠯ ᠤᠨ ᠬᠤᠪᠢᠷᠠᠯᠲᠠ ᠶᠢ ᠠᠳᠬᠤᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠡᠳᠡᠭᠡᠷ  ᠨᠢ ᠴᠥᠮ ᠪᠢᠳᠡᠨ ᠤ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ ᠵᠢᠷᠤᠮᠯᠠᠯ ᠬᠠᠩᠭᠠᠭᠰᠠᠨ ᠪᠠᠶᠢᠨ᠎ᠠ᠃ᠲᠡᠦᠬᠡᠨ ᠬᠥᠭᠵᠢᠯᠲᠡ ᠶᠢᠨ ᠰᠢᠨ᠎ᠡ ᠴᠠᠭ ᠦᠶ᠎ᠡ ᠳᠤ᠂ ᠠᠵᠠ ᠲᠣᠬᠢᠶᠠᠯ ᠪᠣᠯᠤᠨ ᠥᠷᠢᠰᠦᠯᠳᠦᠭᠡᠨ ᠬᠠᠮᠲᠤᠪᠠᠷ ᠣᠷᠣᠰᠢᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠶᠠᠨ ᠵᠠᠮ ᠳᠤ ᠭᠠᠷᠬᠤ ᠳᠤ᠂ ᠬᠦᠰᠡᠯ ᠡᠷᠡᠮᠡᠯᠵᠡᠯ ᠪᠣᠯᠤᠨ ᠬᠦᠴᠢᠷᠳᠡᠯ ᠬᠠᠮᠲᠤᠪᠠᠷ ᠣᠷᠣᠰᠢᠵᠤ ᠪᠠᠶᠢᠬᠤ ᠶᠢ ᠣᠯᠠᠨ ᠢᠶᠠᠷ ᠢᠶᠠᠨ ᠪᠠᠰᠠ ᠨᠠᠷᠢᠨ ᠬᠢᠨᠠᠮᠠᠭᠠᠢ ᠰᠤᠳᠤᠯᠵᠤ᠂ ᠠᠵᠠ ᠲᠣᠬᠢᠶᠠᠯ ᠢ ᠵᠠᠪᠳᠤᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠴᠢᠷᠮᠠᠶᠢᠨ ᠲᠡᠮᠡᠴᠡᠬᠦ ᠴᠢᠬᠤᠯᠠᠲᠠᠢ ᠶᠤᠮ᠃            ᠶᠡᠷᠦᠩᠬᠡᠢ ᠱᠠᠭᠠᠷᠳᠠᠯᠭ᠎ᠠ ᠨᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠲᠥᠪ ᠬᠤᠷᠢᠶ᠎ᠠ ᠶᠢᠨ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠦᠨ᠂ 《 ᠲᠠᠪᠤᠨ ᠬᠤᠰᠢᠭᠤ 》 ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ 《 ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ 》 ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠷᠠᠳ ᠤᠨ ᠬᠦᠰᠡᠯ ᠡᠷᠡᠮᠡᠯᠵᠡᠯ ᠳᠤ ᠨᠡᠶᠢᠴᠡᠭᠦᠯᠬᠦ ᠪᠠᠷ ᠭᠤᠣᠯ ᠪᠣᠯᠭᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠵᠤ ᠠᠬᠤᠢ ᠨᠡᠶᠢᠭᠡᠮ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃             ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠬᠡᠪᠴᠢᠶᠡᠵᠢᠯ‌‍ᠡᠴᠡ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 9% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 10% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠪᠣᠯᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ 7.5% ᠪᠠ 8% ᠣᠷᠴᠢᠮ ᠨᠡᠮᠡᠭᠳᠡᠭᠦᠯᠦᠨ᠎ᠡ᠃ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠨ᠎ᠠ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2