ᠵᠣᠣ ᠯᠢ ᠭᠦᠸᠧ ᠲᠥᠯᠥᠭᠡᠯᠡᠭᠴᠢ᠄ ᠵᠤᠭᠠᠴᠠᠯ ᠤᠨ ᠦᠢᠯᠡᠰ ᠢᠶᠠᠷ ᠬᠢᠯᠢ ᠬᠢᠵᠠᠭᠠᠷ ᠤᠨ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/9/27
ᠵᠣᠣ ᠯᠢ ᠭᠦᠸᠧ ᠲᠥᠯᠥᠭᠡᠯᠡᠭᠴᠢ᠄ ᠵᠤᠭᠠᠴᠠᠯ ᠤᠨ ᠦᠢᠯᠡᠰ ᠢᠶᠠᠷ ᠬᠢᠯᠢ ᠬᠢᠵᠠᠭᠠᠷ ᠤᠨ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠤᠶ᠎ᠠ         ᠴᠠᠭ ᠄ 2019 - 11 - 06         ᠡᠷᠬᠢᠮ ᠵᠣᠴᠢᠨ
C:\Users\q\Desktop\2023在线采访\2019.11.6.png
         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠯᠢ ᠭᠦᠸᠧ         ᠲᠣᠪᠴᠢᠯᠠᠭᠤᠷ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠥᠷᠪᠡᠳ ᠬᠤᠰᠢᠭᠤᠨ ᠤ ᠳᠠᠷᠤᠭ᠎ᠠ ᠵᠣᠣ ᠯᠢ ᠭᠦᠸᠧ᠂ ᠬᠢᠯᠢ ᠬᠢᠵᠠᠭᠠᠷ ᠤᠨ ᠮᠠᠯᠵᠢᠬᠤ ᠣᠷᠣᠨ ᠢ ᠬᠥᠭᠵᠢᠭᠦᠯᠬᠦ ᠳᠤ ᠵᠤᠭᠠᠴᠠᠯ ᠢᠶᠠᠷ ᠭᠤᠣᠯ ᠱᠤᠭᠤᠮ ᠪᠣᠯᠭᠠᠵᠤ ᠣᠳᠣ ᠶᠢᠨ ᠪᠠᠶᠢᠭ᠎ᠠ ᠡᠬᠢ ᠪᠠᠶᠠᠯᠢᠭ ᠲᠠᠢ ᠬᠤᠯᠪᠣᠵᠤ᠂ 《 ᠤᠶᠠᠯᠳᠤᠭᠤᠯᠬᠤ 》 ᠪᠠ 《 ᠬᠤᠪᠢᠷᠠᠭᠤᠯᠬᠤ 》 ᠳᠡᠭᠡᠷ᠎ᠡ ᠪᠣᠳᠠᠲᠠᠢ ᠠᠷᠭ᠎ᠠ ᠤᠬᠠᠭᠠᠨ ᠭᠠᠷᠭᠠᠵᠤ᠂ ᠵᠤᠭᠠᠴᠠᠯ ᠤᠨ ᠦᠢᠯᠡᠰ ᠢᠶᠠᠷ ᠬᠢᠯᠢ ᠬᠢᠵᠠᠭᠠᠷ ᠤᠨ ᠮᠠᠯᠵᠢᠬᠤ ᠣᠷᠣᠨ ᠤ ᠬᠥᠭᠵᠢᠯᠲᠡ ᠶᠢ ᠳᠠᠶᠢᠴᠢᠯᠠᠪᠠᠯ ᠵᠣᠬᠢᠨ᠎ᠠ ᠭᠡᠵᠦ ᠰᠠᠨᠠᠭᠤᠯᠪᠠ᠃           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠥᠷᠪᠡᠳ ᠬᠤᠰᠢᠭᠤᠨ ᠤ ᠳᠠᠷᠤᠭ᠎ᠠ ᠵᠣᠣ ᠯᠢ ᠭᠦᠸᠧ᠂ ᠬᠢᠯᠢ ᠬᠢᠵᠠᠭᠠᠷ ᠤᠨ ᠮᠠᠯᠵᠢᠬᠤ ᠣᠷᠣᠨ ᠢ ᠬᠥᠭᠵᠢᠭᠦᠯᠬᠦ ᠳᠤ ᠵᠤᠭᠠᠴᠠᠯ ᠢᠶᠠᠷ ᠭᠤᠣᠯ ᠱᠤᠭᠤᠮ ᠪᠣᠯᠭᠠᠵᠤ ᠣᠳᠣ ᠶᠢᠨ ᠪᠠᠶᠢᠭ᠎ᠠ ᠡᠬᠢ ᠪᠠᠶᠠᠯᠢᠭ ᠲᠠᠢ ᠬᠤᠯᠪᠣᠵᠤ᠂ 《 ᠤᠶᠠᠯᠳᠤᠭᠤᠯᠬᠤ 》 ᠪᠠ 《 ᠬᠤᠪᠢᠷᠠᠭᠤᠯᠬᠤ 》 ᠳᠡᠭᠡᠷ᠎ᠡ ᠪᠣᠳᠠᠲᠠᠢ ᠠᠷᠭ᠎ᠠ ᠤᠬᠠᠭᠠᠨ ᠭᠠᠷᠭᠠᠵᠤ᠂ ᠵᠤᠭᠠᠴᠠᠯ ᠤᠨ ᠦᠢᠯᠡᠰ ᠢᠶᠠᠷ ᠬᠢᠯᠢ ᠬᠢᠵᠠᠭᠠᠷ ᠤᠨ ᠮᠠᠯᠵᠢᠬᠤ ᠣᠷᠣᠨ ᠤ ᠬᠥᠭᠵᠢᠯᠲᠡ ᠶᠢ ᠳᠠᠶᠢᠴᠢᠯᠠᠪᠠᠯ ᠵᠣᠬᠢᠨ᠎ᠠ ᠭᠡᠵᠦ ᠰᠠᠨᠠᠭᠤᠯᠪᠠ᠃            ᠳᠥᠷᠪᠡᠳ ᠬᠤᠰᠢᠭᠤ ᠪᠣᠯ ᠴᠣᠯ ᠮᠠᠯᠵᠢᠬᠤ ᠬᠤᠰᠢᠭᠤ ᠪᠣᠯᠬᠤ ᠪᠥᠭᠡᠳ ᠪᠠᠰᠠ ᠴᠤ ᠴᠥᠭᠡᠨ ᠲᠣᠭᠠᠲᠤ ᠦᠨᠳᠦᠰᠦᠲᠡᠨ ᠤ ᠬᠢᠯᠢ ᠶᠢᠨ ᠬᠤᠰᠢᠭᠤ ᠪᠣᠯᠬᠤ ᠪᠥᠭᠡᠳ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠪᠣᠯᠬᠤ ᠪᠥᠭᠡᠳ ᠤᠯᠤᠰ ᠤᠨ ᠤᠮᠠᠷᠠᠲᠤ ᠬᠡᠰᠡᠭ ᠤᠨ ᠬᠢᠯᠢ ᠬᠢᠵᠠᠭᠠᠷ ᠤᠨ ᠴᠢᠬᠤᠯᠠ ᠠᠮᠢ ᠠᠬᠤᠢ ᠶᠢᠨ ᠬᠠᠮᠠᠭᠠᠯᠠᠯᠲᠠ ᠶᠢᠨ ᠱᠤᠭᠤᠮ ᠪᠣᠯᠤᠨ᠎ᠠ᠃ ᠵᠣᠣ ᠯᠢ ᠭᠦᠸᠧ ᠬᠡᠯᠡᠬᠦ ᠳᠡᠭᠡᠨ᠂ ᠬᠢᠯᠢ ᠬᠢᠵᠠᠭᠠᠷ ᠤᠨ ᠮᠠᠯᠵᠢᠬᠤ ᠣᠷᠣᠨ ᠤ ᠮᠠᠯᠴᠢᠳ ᠬᠥᠭᠵᠢᠭᠦᠯᠬᠦ ᠶᠢ ᠬᠦᠰᠡᠵᠦ ᠪᠠᠶᠢᠨ᠎ᠠ᠂ ᠮᠠᠯᠵᠢᠬᠤ ᠣᠷᠣᠨ ᠤ ᠵᠢᠭᠤᠯᠴᠢᠯᠠᠯ ᠤᠨ ᠨᠡᠭᠡᠭᠡᠯᠲᠡ ᠪᠣᠯ ᠳᠥᠷᠪᠡᠳ ᠬᠤᠰᠢᠭᠤᠨ ᠤ ᠳᠠᠪᠠᠭᠤᠯᠢᠭ ᠲᠠᠯ᠎ᠠ ᠪᠣᠯᠤᠨ᠎ᠠ᠃ ᠡᠭᠦᠨ ᠤ ᠲᠤᠯᠠᠳᠠ᠂ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠬᠢᠯᠢ ᠬᠢᠵᠠᠭᠠᠷ ᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠯ᠎ᠠ ᠪᠠᠷ ᠮᠠᠯᠴᠢᠳ ᠤᠨ ᠦᠨᠳᠦᠰᠦᠨ ᠠᠰᠢᠭ  ᠲᠤᠰᠠ ᠠᠴᠠ ᠡᠭᠦᠰᠴᠦ᠂ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠪᠡᠯᠡ ᠮᠥᠩᠭᠦ ᠶᠢᠨ ᠳᠡᠮᠵᠢᠯᠭᠡ ᠬᠦᠷᠲᠡᠭᠡᠨ᠎ᠡ᠃            ᠵᠠᠮ ᠬᠠᠷᠢᠯᠴᠠᠭ᠎ᠠ ᠨᠡᠪᠲᠡᠷᠡᠳᠡᠭ᠂ ᠵᠢᠭᠤᠯᠴᠢᠯᠠᠯ ᠰᠠᠶᠢᠵᠢᠷᠠᠳᠠᠭ᠃ ᠵᠣᠣ ᠯᠢ ᠭᠦᠸᠧ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠳᠥᠷᠪᠡᠳ ᠬᠤᠰᠢᠭᠤ ᠬᠦᠷᠬᠦ᠂  ᠬᠦᠬᠡᠬᠤᠲᠠ ᠠᠴᠠ ᠳᠥᠷᠪᠡᠳ ᠬᠤᠰᠢᠭᠤ ᠬᠦᠷᠬᠦ ᠲᠦᠷᠭᠡᠨ ᠬᠤᠷᠳᠤ ᠶᠢᠨ ᠵᠠᠰᠠᠮᠠᠯ ᠵᠠᠮ ᠪᠠᠶᠢᠭᠤᠯᠬᠤ᠂ 《 ᠦᠵᠡᠮᠵᠢ ᠶᠢᠨ ᠣᠷᠣᠨ ᠵᠢᠭᠤᠯᠴᠢᠯᠠᠯ 》 ᠢ 《 ᠪᠦᠬᠦ ᠣᠷᠣᠨ ᠪᠦᠰᠡ ᠶᠢᠨ ᠵᠢᠭᠤᠯᠴᠢᠯᠠᠯ 》 ᠳᠠᠰᠢ ᠬᠤᠪᠢᠷᠠᠭᠤᠯᠵᠤ᠂ ᠵᠠᠮ ᠬᠠᠷᠢᠯᠴᠠᠭ᠎ᠠ ᠶᠢ ᠰᠠᠭᠠᠳ ᠦᠭᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠰᠠᠨᠠᠭᠤᠯᠪᠠ ᠃ ᠬᠦᠯᠢᠶᠡᠨ ᠵᠣᠴᠢᠯᠠᠬᠤ ᠮᠠᠯᠵᠢᠬᠤ ᠡᠷᠦᠬᠡ᠂ ᠣᠨᠴᠠᠯᠢᠭᠲᠤ ᠵᠢᠵᠢᠭ ᠪᠠᠯᠭᠠᠰᠤ᠂ ᠤᠯᠠᠮᠵᠢᠯᠠᠯᠲᠤ ᠲᠣᠰᠬᠤᠨ᠂ ᠰᠡᠯᠡᠭᠦᠴᠡᠯ ᠤᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ‍ ᠴᠢᠭ᠂ 《 ᠮᠠᠯᠴᠢᠨ ᠠᠶᠢᠯ ᠤᠨ ᠪᠠᠶᠠᠰᠤᠯ 》 ᠶᠢᠨ ᠬᠤᠭᠤᠷᠣᠨᠳᠣᠬᠢ ᠵᠠᠮ ᠢ ᠬᠠᠷᠢᠯᠴᠠᠨ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ᠃             ᠵᠢᠦ ᠯᠢ ᠭᠦᠨ᠂ ᠬᠢᠯᠢ ᠬᠢᠵᠠᠭᠠᠷ ᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠪᠠᠶᠢᠬᠤ ᠪᠠᠷ ᠪᠠᠷᠠᠬᠤ ᠦᠭᠡᠢ ᠨᠡᠩ ᠰᠠᠶᠢᠨ᠃ ᠡᠩ ᠤᠨ ᠵᠠᠮ ᠬᠠᠷᠢᠯᠴᠠᠭ᠎ᠠ᠂ ᠤᠰᠤ ᠴᠠᠬᠢᠯᠭᠠᠨ ᠤ ᠬᠤᠭᠤᠯᠠᠢ ᠲᠣᠣᠷ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠠᠷᠭᠠᠪᠠᠯ᠂ ᠪᠠᠰᠠ ᠲᠡᠷᠢᠭᠦᠨ ᠤ ᠣᠨᠣᠯᠵᠢᠬᠤᠨ ᠬᠢᠭᠡᠳ ᠮᠡᠷᠭᠡᠵᠢᠯ ᠢ ᠣᠷᠣᠭᠤᠯᠵᠤ ᠢᠷᠡᠨ᠂ ᠳᠡᠯᠡᠬᠡᠢ ᠶᠢᠨ ᠬᠢᠷᠢ ᠬᠡᠮᠵᠢᠶ᠎ᠡ ᠲᠠᠢ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ᠪᠦᠲᠦᠭᠡᠨ ᠪᠠᠶᠢᠭᠤᠯᠬᠤ ᠶᠠᠪᠤᠴᠠ ᠳᠤ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠬᠢᠭᠡᠳ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢ ᠠᠩᠬᠠᠷᠴᠤ᠂ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠠᠯᠬᠢᠨ ᠡᠨᠧᠷᠭᠢ᠂ ᠨᠠᠷᠠᠨ ᠡᠨᠧᠷᠭᠢ ᠵᠡᠷᠭᠡ ᠰᠢᠨ᠎ᠡ ᠡᠨᠧᠷᠭᠢ ᠶᠢᠨ ᠬᠡᠯᠪᠡᠷᠢ ᠶᠢ ᠰᠣᠩᠭᠤᠨ ᠬᠡᠷᠡᠭᠯᠡᠵᠦ᠂ ᠭᠡᠷᠡᠯ ᠸᠣᠯᠲ᠂ ᠪᠣᠳᠠᠰᠯᠢᠭ ᠬᠤᠯᠪᠣᠭᠠᠲᠤ ᠰᠦᠯᠵᠢᠶ᠎ᠡ᠂ ᠰᠢᠯᠵᠢᠮᠡᠯ ᠮᠡᠳᠡᠭᠡ ᠬᠤᠯᠪᠣᠭ᠎ᠠ ᠵᠡᠷᠭᠡ ᠲᠡᠷᠢᠭᠦᠨ ᠤ ᠮᠡᠷᠭᠡᠵᠢᠯ ᠢ ᠬᠡᠷᠡᠭᠯᠡᠨ᠎ᠡ᠃ ᠨᠢᠭᠡᠳᠦᠯᠲᠡᠢ ᠰᠠᠭᠤᠷᠢ ᠪᠡᠯᠡᠳᠬᠡᠮᠵᠢ ᠶᠢᠨ ᠵᠢᠷᠤᠭ ᠲᠥᠯᠥᠪᠯᠡᠭᠡ ᠪᠣᠯᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠣᠯᠠᠨ ᠤᠯᠤᠰ ᠤᠨ ᠠᠮᠢᠳᠤᠷᠠᠯ ᠤᠨ ᠬᠢᠷᠢ ᠬᠡᠮᠵᠢᠶ᠎ᠡ ᠲᠠᠢ᠂ ᠬᠥᠳᠡᠭᠡ ᠲᠣᠰᠬᠤᠨ ᠤ ᠠᠮᠢᠳᠤᠷᠠᠯ ᠤᠨ ᠬᠡᠯᠪᠡᠷᠢ ᠪᠠᠶᠢᠳᠠᠯ ᠲᠠᠢ ᠣᠳᠣᠬᠢᠴᠢᠯᠠᠭᠰᠠᠨ ᠪᠣᠯᠤᠨ ᠠᠩᠬᠠᠨ ᠤ ᠠᠮᠢ ᠠᠬᠤᠢ ᠶᠢ ᠤᠶᠠᠯᠳᠤᠭᠤᠯᠤᠭᠰᠠᠨ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ᠃          ᠬᠢᠯᠢ ᠬᠢᠵᠠᠭᠠᠷ ᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ ᠰᠠᠭᠤᠷᠢᠨ ᠳᠡᠭᠡᠷ᠎ᠡ᠂ ᠵᠣᠣ ᠯᠢ ᠭᠦᠸᠧ ᠬᠠᠮᠢᠶᠠᠲᠠᠢ ᠰᠠᠯᠠᠭ᠎ᠠ ᠮᠥᠴᠢᠷ ᠤᠨ ᠬᠦᠯᠢᠶᠡᠨ ᠠᠪᠬᠤ᠂ ᠮᠠᠯᠵᠢᠬᠤ ᠡᠷᠦᠬᠡ᠂ ᠣᠨᠴᠠᠯᠢᠭᠲᠤ ᠵᠢᠵᠢᠭ ᠪᠠᠯᠭᠠᠰᠤ᠂ ᠤᠯᠠᠮᠵᠢᠯᠠᠯᠲᠤ ᠲᠣᠰᠬᠤᠨ᠂ ᠰᠡᠯᠡᠭᠦᠴᠡᠯ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ‍ ᠴᠢᠭ᠂ 《 ᠮᠠᠯᠴᠢᠨ ᠠᠶᠢᠯ 》 ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ᠂ ᠪᠡᠯᠡ ᠣᠷᠣᠭᠤᠯᠤᠯᠲᠠ᠂ ᠭᠠᠶᠢᠯᠢ ᠲᠠᠲᠠᠪᠤᠷᠢ᠂ ᠭᠠᠵᠠᠷ ᠰᠢᠷᠣᠢ ᠶᠢᠨ ᠬᠡᠷᠡᠭᠯᠡᠯᠲᠡ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠬᠦᠰᠡᠵᠡᠢ᠃ ᠤᠴᠢᠷ ᠨᠢ 《 ᠮᠠᠯᠴᠢᠨ ᠠᠶᠢᠯ ᠤᠨ ᠪᠠᠶᠠᠰᠤᠯ 》 ᠬᠡᠯᠪᠡᠷᠢ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠵᠢᠭᠤᠯᠴᠢᠯᠠᠯ ᠨᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠬᠦᠴᠢᠷᠳᠡᠯᠲᠡᠢ ᠮᠠᠯᠴᠢᠳ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ ᠪᠣᠯᠤᠨ᠎ᠠ᠃            ᠵᠣᠣ ᠯᠢ ᠭᠦᠸᠧ ᠬᠡᠯᠡᠭᠰᠡᠨ ᠨᠢ᠂ ᠳᠥᠷᠪᠡᠳ ᠬᠤᠰᠢᠭᠤ ᠨᠢ ᠨᠢᠭᠡᠨᠲᠡ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠠᠳᠤᠮ ᠤᠨ ᠶᠡᠭᠡ ᠬᠤᠷᠠᠯ 》᠂ 《 ᠣᠯᠠᠨ ᠤᠯᠤᠰ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ 》 ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠠᠮᠵᠢᠯᠲᠠ ᠲᠠᠢ ᠡᠷᠬᠢᠯᠡᠵᠦ᠂ ᠭᠡᠭᠡᠨᠲᠠᠯ᠎ᠠ ᠶᠢᠨ ᠣᠨᠴᠠᠯᠢᠭᠲᠤ ᠵᠤᠭᠠᠴᠠᠯ ᠤᠨ ᠨᠡᠷᠡᠲᠦ ᠲᠥᠷᠥᠯ ᠲᠡᠮᠳᠡᠭ ᠲᠤ ᠲᠦᠰᠢᠭᠯᠡᠨ᠂ ᠮᠠᠯᠵᠢᠬᠤ ᠣᠷᠣᠨ ᠤ ᠵᠤᠭᠠᠴᠠᠯ ᠤᠨ ᠬᠦᠯᠢᠶᠡᠨ ᠵᠣᠴᠢᠯᠠᠬᠤ ᠡᠷᠦᠬᠡ᠂ ᠣᠨᠴᠠᠯᠢᠭᠲᠤ ᠵᠢᠵᠢᠭ ᠪᠠᠯᠭᠠᠰᠤ᠂ ᠤᠯᠠᠮᠵᠢᠯᠠᠯᠲᠤ ᠲᠣᠰᠬᠤᠨ᠂ ᠰᠡᠯᠡᠭᠦᠴᠡᠯ ᠤᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ‍ ᠴᠢᠭ ᠢ ᠳᠠᠶᠢᠴᠢᠯᠠᠨ ᠪᠠᠶᠢᠭᠤᠯᠵᠤ᠂ ᠰᠤᠮᠤ᠂ ᠪᠠᠯᠭᠠᠰᠤᠨ ᠤ ᠵᠤᠭᠠᠴᠠᠯ ᠤᠨ ᠦᠢᠯᠡᠰ ᠤᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠮᠠᠯᠵᠢᠬᠤ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2