ᠨᠣᠶᠠᠨ ᠰᠠᠭᠤᠬᠤ ᠪᠠᠶᠢᠯᠳᠤᠭᠠᠨ ᠢ ᠡᠷᠡᠰ ᠰᠠᠶᠢᠲᠤᠷ ᠬᠢᠵᠦ ᠰᠢᠨ᠎ᠡ ᠠᠶᠠᠨ ᠢ ᠡᠬᠢᠯᠡᠭᠦᠯᠬᠦ ᠪᠠᠷ ᠴᠢᠷᠮᠠᠶᠢᠶ᠎ᠠ — ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠢᠦ᠋ᠢ ᠯᠢᠶᠠᠩ
ᠨᠡᠶᠢᠲᠡᠯᠡᠭᠰᠡᠨ ᠴᠠᠭ᠄
2023/9/27
ᠨᠣᠶᠠᠨ ᠰᠠᠭᠤᠬᠤ ᠪᠠᠶᠢᠯᠳᠤᠭᠠᠨ ᠢ ᠡᠷᠡᠰ ᠰᠠᠶᠢᠲᠤᠷ ᠬᠢᠵᠦ ᠰᠢᠨ᠎ᠡ ᠠᠶᠠᠨ ᠢ ᠡᠬᠢᠯᠡᠭᠦᠯᠬᠦ ᠪᠠᠷ ᠴᠢᠷᠮᠠᠶᠢᠶ᠎ᠠ — ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠢᠦ᠋ᠢ ᠯᠢᠶᠠᠩ         ᠴᠠᠭ  ᠄ 2020—12 —15        ᠡᠷᠬᠢᠮ ᠵᠣᠴᠢᠨ
C:\Users\q\Desktop\2023在线采访\2020.12.15.png
       ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠦ᠋ ᠢᠥᠢ ᠯᠢᠶᠠᠩ        ᠲᠣᠪᠴᠢᠯᠠᠭᠤᠷ        ᠡᠷᠬᠡ ᠪᠠᠨ ᠬᠤᠷᠢᠶᠠᠬᠤ ᠲᠡᠶᠢᠨ ᠢ ᠡᠷᠡᠰ ᠰᠠᠶᠢᠲᠤᠷ ᠬᠢᠵᠦ ᠰᠢᠨ᠎ᠡ ᠠᠶᠠᠨ ᠢ ᠡᠬᠢᠯᠡᠭᠦᠯᠦᠶ᠎ᠡ        ᠨᠠᠮ ᠤᠨ ᠠᠷᠪᠠ ᠵᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠪᠣᠯ ᠮᠠᠨ ᠤ ᠨᠠᠮ ᠤᠨ 〈 ᠬᠤᠣᠰ ᠵᠠᠭᠤᠨ ᠵᠢᠯ 〉 ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠤᠨ ᠲᠠᠯ᠎ᠠ ᠪᠠᠷ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢᠭᠡᠨ ᠴᠢᠬᠤᠯᠠ ᠬᠤᠷᠠᠯ ᠮᠥᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠣᠯ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠢᠦ᠋ᠢ ᠯᠢᠶᠠᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠰᠢᠨ᠎ᠡ ᠬᠥᠭᠵᠢᠯᠲᠡ ᠶᠢᠨ ᠱᠠᠲᠤᠨ ᠳᠤ ᠵᠣᠭᠰᠣᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠣᠳᠠᠲᠠᠢ ᠳᠤ ᠨᠠᠶᠢᠳᠠᠪᠤᠷᠢᠵᠢᠭᠤᠯᠬᠤ᠂ ᠭᠠᠳᠠᠭᠰᠢ ᠰᠢᠩᠭᠡᠭᠡᠬᠦ ᠪᠣᠯ ᠳᠥᠷᠪᠡᠳ ᠬᠤᠰᠢᠭᠤᠨ ᠤ ᠣᠳᠣᠬᠠᠨ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠂ ᠳᠥᠷᠪᠡᠳ ᠬᠤᠰᠢᠭᠤ ᠣᠳᠣ ᠶᠢᠨ ᠠᠵᠢᠯ ᠢᠶᠠᠨ ᠰᠠᠶᠢᠲᠤᠷ ᠬᠢᠵᠦ᠂ ᠠᠯᠤᠰ ᠢᠷᠡᠭᠡᠳᠦᠢ ᠪᠠᠨ ᠲᠥᠯᠥᠪᠯᠡᠨ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ 《 ᠢᠷᠡᠬᠦ ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠲᠣᠭᠲᠠᠭᠠᠵᠤ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠲᠠᠢ ᠨᠡᠶᠢᠴᠡᠭᠰᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠳᠥᠷᠪᠡᠳ ᠬᠤᠰᠢᠭᠤᠨ ᠤ ᠪᠣᠳᠠᠲᠠᠢ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠰᠠᠶᠢᠨ ᠡᠬᠢᠯᠡᠯᠲᠡ ᠶᠢ ᠦᠨᠡᠨᠬᠦ ᠪᠠᠲᠤᠯᠠᠭᠰᠠᠨ ᠪᠠᠶᠢᠬᠤ ᠪᠣᠯ ᠳᠥᠷᠪᠡᠳ ᠬᠤᠰᠢᠭᠤᠨ ᠤ ᠣᠳᠣᠬᠠᠨ ᠤ ᠴᠢᠬᠤᠯᠠ ᠠᠵᠢᠯ ᠪᠣᠯᠤᠨ᠎ᠠ᠃ ᠦ᠋ ᠢᠦᠢ ᠯᠢᠶᠠᠩ ᠬᠡᠯᠡᠬᠦ ᠳᠡᠭᠡᠨ᠂ ᠪᠣᠳᠠᠲᠠᠢ ᠠᠵᠢᠯ ᠤᠨ ᠳᠤᠮᠳᠠ᠂ ᠳᠥᠷᠪᠡᠳ ᠬᠤᠰᠢᠭᠤ ᠭᠤᠷᠪᠠᠨ ᠲᠠᠯ᠎ᠠ ᠪᠠᠷ ᠣᠳᠣᠬᠠᠨ ᠤ᠂ ᠠᠯᠤᠰ ᠬᠡᠳᠦ ᠶᠢᠨ ᠬᠢ ᠶᠢ ᠪᠣᠳᠣᠯᠬᠢᠯᠠᠬᠤ ᠬᠡᠷᠡᠭᠲᠡᠢ᠃ ᠨᠢᠭᠡ ᠳᠤ᠂ ᠭᠦᠨᠵᠡᠭᠡᠢ ᠤᠬᠠᠭᠠᠷᠠᠨ ᠮᠡᠳᠡᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠪᠣᠢ ᠪᠣᠯᠤᠭᠰᠠᠨ ᠵᠠᠭᠤᠴᠢᠯᠠᠭᠤᠷ ᠢ ᠠᠰᠢᠭᠯᠠᠵᠤ᠂ ᠤᠬᠠᠭᠤᠯᠤᠨ ᠮᠡᠳᠡᠭᠡᠯᠡᠬᠦ ᠬᠦᠴᠦᠯᠡᠴᠡ ᠪᠠᠨ ᠨᠡᠮᠡᠭᠳᠡᠭᠦᠯᠦᠨ᠂ ᠪᠦᠬᠦ ᠬᠤᠰᠢᠭᠤᠨ ᠳᠤ ᠰᠤᠷᠤᠯᠴᠠᠨ ᠤᠬᠠᠭᠤᠯᠤᠭᠰᠠᠨ ᠠᠭᠤᠷ ᠠᠮᠢᠰᠬᠤᠯ ᠢ ᠪᠣᠢ ᠪᠣᠯᠭᠠᠨ᠎ᠠ᠃ ᠣᠨᠣᠯ ᠤᠨ ᠭᠤᠣᠯ ᠳᠤᠭᠤᠶᠢᠯᠠᠩ᠂ ᠲᠤᠰᠬᠠᠢ ᠰᠡᠳᠦᠪᠲᠦ ᠪᠣᠯᠪᠠᠰᠣᠷᠠᠭᠤᠯᠤᠯ᠂ ᠰᠤᠳᠤᠯᠤᠨ ᠶᠠᠷᠢᠯᠴᠠᠵᠤ ᠰᠣᠯᠢᠯᠴᠠᠭ᠎ᠠ ᠬᠢᠬᠦ ᠵᠡᠷᠭᠡ ᠰᠤᠷᠤᠯᠴᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠤᠨ᠂ ᠣᠨᠣᠪᠴᠢᠲᠠᠢ ᠡᠵᠡᠮᠰᠢᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠦᠵᠡᠯ ᠰᠠᠨᠠᠭᠠᠨ ᠤ ᠬᠥᠲᠥᠯᠪᠦᠷᠢ ᠪᠣᠯᠭᠠᠨ ᠬᠤᠪᠢᠷᠠᠭᠤᠯᠵᠤ᠂ ᠪᠦᠬᠦ ᠨᠡᠶᠢᠭᠡᠮ ᠤᠨ ᠵᠣᠷᠢᠭ ᠰᠠᠨᠠᠭ᠎ᠠ ᠶᠢ 《 ᠬᠤᠶᠠᠷ ᠢ ᠬᠠᠮᠠᠭᠠᠯᠠᠬᠤ 》 ᠶᠢ ᠦᠢᠯᠡᠳᠦᠯᠭᠡᠵᠢᠭᠦᠯᠦᠭᠰᠡᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠨᠡᠭᠡᠭᠡᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠲᠠᠯᠪᠢᠬᠤ ᠬᠡᠷᠡᠭᠲᠡᠢ᠃ ᠬᠤᠶᠠᠷ ᠲᠤ ᠬᠠᠷᠠᠯᠲᠠ ᠪᠠᠨ ᠲᠣᠭᠲᠠᠭᠠᠨ᠂ ᠡᠭᠦᠷᠭᠡ ᠭᠦᠢᠴᠡᠳᠬᠡᠬᠦ ᠶᠠᠪᠤᠴᠠ ᠳᠠᠬᠢ ᠰᠢᠪᠲᠤᠯᠤᠯᠲᠠ ᠶᠢᠨ ᠱᠠᠲᠤ ᠶᠢ ᠠᠰᠢᠭᠯᠠᠨ᠂ 《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠢ ᠡᠮᠬᠢᠳᠬᠡᠨ᠂ 《 ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ 》᠂ 《 ᠵᠢᠷᠭᠤᠭᠠᠨ ᠲᠣᠭᠲᠠᠭᠤᠨ 》᠂ 《 ᠵᠢᠷᠭᠤᠭᠠᠨ ᠪᠠᠲᠤᠯᠠᠭᠠᠲᠤ 》 ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ᠂ ᠴᠠᠭ ᠢᠮᠠᠭᠲᠠ ᠪᠡᠯᠡᠬᠡᠨ ᠪᠠᠶᠢᠬᠤ ᠦᠭᠡᠢ ᠪᠠᠴᠢᠮ ᠲᠤᠯᠭᠠᠮ᠎ᠠ ᠰᠡᠳᠬᠢᠯᠭᠡ ᠂ ᠴᠢᠩᠭ᠎ᠠ ᠨᠢᠮᠪᠠᠢ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠰᠠᠶᠢᠨ ᠰᠠᠶᠢᠬᠠᠨ ᠵᠣᠷᠢᠭ ᠰᠠᠨᠠᠭ᠎ᠠ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠢᠭᠡ ᠯᠡ ᠵᠣᠷᠢᠭ ᠢᠶᠠᠷ ᠬᠦᠴᠦᠯᠡᠨ ᠴᠢᠷᠮᠠᠶᠢᠵᠤ᠂ 《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢᠨ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠷᠴᠢ ᠬᠦᠴᠦ ᠪᠠᠨ ᠬᠤᠷᠠᠮᠳᠤᠭᠤᠯᠵᠤ᠂ ᠲᠤᠯᠭᠠᠭᠤᠷᠢ ᠬᠠᠩᠭᠠᠨ᠎ᠠ᠃ ᠭᠤᠷᠪᠠ ᠳᠤ᠂ ᠠᠰᠢᠭᠲᠠᠢ ᠪᠠᠶᠢᠳᠠᠯ ᠢ ᠠᠰᠢᠭᠯᠠᠨ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠡᠩᠭᠡᠭ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠭᠡᠰᠡᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ 《 ᠠᠮᠢ ᠠᠬᠤᠢ ᠶᠢᠨ ᠰᠢᠲᠠᠷ᠎ᠠ 》 ᠶᠢ ᠰᠠᠶᠢᠲᠤᠷ ᠪᠠᠭᠤᠯᠭᠠᠵᠤ᠂ 《 ᠲᠠᠯ᠎ᠠ ᠨᠤᠲᠤᠭ ᠤᠨ ᠫᠠᠶᠢᠰᠠ 》 ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠡᠷᠬᠢᠯᠡᠵᠦ᠂ ᠲᠠᠯ᠎ᠠ ᠨᠤᠲᠤᠭ ᠤᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ᠂ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠲᠠᠨᠢᠯᠴᠠᠭᠤᠯᠵᠤ᠂ ᠰᠠᠶᠢᠲᠤᠷ ᠪᠠᠳᠠᠷᠠᠭᠤᠯᠵᠤ᠂ ᠠᠮᠢ ᠠᠬᠤᠢ ᠶᠢᠨ ᠳᠠᠪᠠᠭᠤᠯᠢᠭ ᠢᠶᠠᠨ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠭᠤᠣᠯ ᠴᠣᠭᠴᠠ ᠶᠢᠨ ᠠᠮᠢ ᠠᠬᠤᠢ ᠶᠢᠨ ᠴᠢᠳᠠᠮᠵᠢ ᠶᠢᠨ ᠣᠷᠣᠨ ᠪᠠᠶᠢᠷᠢ ᠶᠢ ᠲᠣᠭᠲᠠᠭᠠᠬᠤ ᠲᠠᠢ  ᠨᠢᠭᠲᠠ ᠤᠶᠠᠯᠳᠤᠭᠤᠯᠤᠨ᠂ ᠠᠵᠤ ᠦᠢᠯᠡᠰ ᠤᠨ ᠳᠡᠰ ᠲᠠᠪᠰᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠦᠭᠡᠢ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠰᠠᠭᠤᠷᠢ ᠶᠢ ᠴᠢᠩᠭᠠᠳᠬᠠᠬᠤ᠂ ᠳᠤᠲᠠᠭᠳᠠᠯ ᠢ ᠨᠥᠬᠦᠪᠥᠷᠢᠯᠡᠬᠦ᠂ ᠬᠡᠯᠬᠢᠶᠡᠰᠦ ᠶᠢ ᠤᠷᠲᠤᠳᠬᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠪᠣᠬᠢᠷᠲᠤᠯ ᠥᠬᠡᠢ᠂ ᠣᠷᠭᠠᠨᠢᠭ᠂ ᠨᠡᠶᠢᠲᠡ ᠳᠤ ᠬᠤᠣᠷᠳᠠᠭᠳᠠᠯ ᠥᠬᠡᠢ ᠲᠥᠮᠥᠰᠥ᠂ ᠦᠬᠡᠷ ᠬᠤᠨᠢᠨ ᠮᠢᠬᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠡᠬᠢ ᠪᠠᠶᠠᠯᠢᠭ ᠤᠨ ᠳᠠᠪᠠᠭᠤᠯᠢᠭ ᠲᠠᠯ᠎ᠠ ᠶᠢ ᠭᠦᠢᠴᠡᠳ ᠠᠭᠤᠳᠠᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃《 ᠠᠷᠠᠳ ᠲᠦᠮᠡᠨ ᠢ ᠬᠠᠮᠤᠭ᠋/‍ᠠ᠋ᠴᠠ ᠢᠯᠡᠭᠦᠦ ᠡᠷᠬᠢᠮᠯᠡᠬᠦ 》 ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠬᠥᠳᠡᠭᠡ ᠶᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠡᠷᠬᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠡᠩ ᠣᠯᠠᠨ ᠣᠯᠤᠯᠲᠠ ᠲᠠᠢ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ᠃          ᠪᠦᠷᠢᠶ᠎ᠡ ᠬᠥᠮᠦᠨ ᠢ ᠤᠷᠮᠠᠰᠢᠭᠤᠯᠤᠨ ᠣᠷᠣᠭᠤᠯᠵᠤ᠂ ᠬᠠᠲᠠᠭᠤᠵᠢᠨ ᠪᠣᠯᠪᠠᠰᠤᠷᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠴᠢᠭᠯᠡᠭᠦᠯᠦᠨ᠂ ᠡᠦ ᠢᠦᠢ ᠯᠢᠶᠠᠩ ᠢᠯᠡᠷᠬᠡᠶᠢᠯᠡᠬᠦ ᠳᠡᠭᠡᠨ᠂ ᠳᠥᠷᠪᠡᠳ ᠬᠤᠰᠢᠭᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠣᠬᠢᠶᠠᠯ ᠢ ᠰᠠᠶᠢᠲᠤᠷ ᠠᠰᠢᠭᠯᠠᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠪᠦᠭᠦᠳᠡ ᠬᠤᠷᠠᠯ‌‍ᠠ᠋ᠴᠠ ᠳᠤᠷᠠᠳᠤᠭᠰᠠᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠲᠥᠪᠯᠡᠷᠡᠭᠦᠯᠦᠨ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠦᠷ᠎ᠡ ᠪᠦᠲᠦᠮᠵᠢ ᠪᠠᠨ ᠨᠠᠶᠢᠳᠠᠪᠤᠷᠢᠵᠢᠭᠤᠯᠤᠨ᠂ ᠳᠥᠷᠪᠡᠳ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2