ᠵᠣᠷᠢᠭᠲᠠᠢ ᠪᠠᠷ ᠤᠷᠤᠭᠰᠢᠯᠠᠨ ᠲᠠᠪᠰᠢᠵᠤ ᠬᠥᠭᠵᠢᠯᠲᠡ ᠶᠢ ᠰᠦᠪᠡᠭᠴᠢᠯᠡᠨ ᠪᠣᠳᠠᠲᠠᠢ ᠠᠵᠢᠯᠯᠠᠵᠤ ᠡᠭᠦᠷᠭᠡ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠶ᠎ᠠ
ᠨᠡᠶᠢᠲᠡᠯᠡᠭᠰᠡᠨ ᠴᠠᠭ᠄
2023/9/27
ᠵᠣᠷᠢᠭᠲᠠᠢ ᠪᠠᠷ ᠤᠷᠤᠭᠰᠢᠯᠠᠨ ᠲᠠᠪᠰᠢᠵᠤ ᠬᠥᠭᠵᠢᠯᠲᠡ ᠶᠢ ᠰᠦᠪᠡᠭᠴᠢᠯᠡᠨ ᠪᠣᠳᠠᠲᠠᠢ ᠠᠵᠢᠯᠯᠠᠵᠤ ᠡᠭᠦᠷᠭᠡ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠶ᠎ᠠ           ᠴᠠᠭ ᠄ 2021 - 10 - 16           ᠡᠷᠬᠢᠮ ᠵᠣᠴᠢᠨ
C:\Users\q\Desktop\2023在线采访\2021.10.16.png 
           ᠳᠥᠷᠪᠡᠳ ᠬᠤᠰᠢᠭᠤᠨ ᠤ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ  ᠢᠦᠢ ᠳ᠋ᠠᠢ ᠴᠢᠩ           ᠲᠣᠪᠴᠢᠯᠠᠭᠤᠷ            ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ ᠰᠦᠢ ᠤᠯᠤᠰ ᠤᠨ ᠱᠦᠵᠢ ᠶᠢᠨ ᠬᠢᠭᠰᠡᠨ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂  ᠦᠨᠡᠨ ᠠᠴᠠ ᠵᠥᠪ ᠢ ᠡᠷᠢᠵᠦ᠂ ᠤᠯᠠᠭᠠᠨᠴᠠᠪ ᠤᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠭᠰᠠᠨ ᠨᠢ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ᠃ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ  ᠢᠦᠢ ᠳ᠋ᠠᠢ ᠴᠢᠩ᠂ ᠳᠥᠷᠪᠡᠳ ᠬᠤᠰᠢᠭᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠤᠷᠤᠯᠴᠠᠯᠭ᠎ᠠ᠂ ᠤᠬᠠᠭᠤᠯᠭ᠎ᠠ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠳᠬᠤᠵᠤ᠂ ᠨᠠᠮ ᠤᠨ ᠲᠥᠯᠥᠭᠡᠯᠡᠭᠴᠢᠳ ᠤᠨ  ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠰᠠᠶᠢᠲᠤᠷ ᠪᠡᠶᠡᠯᠡᠭᠦᠯᠬᠦ ᠪᠣᠯᠤᠨ᠎ᠠ᠃         ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ ᠰᠦᠢ ᠤᠯᠤᠰ ᠤᠨ ᠱᠦᠵᠢ ᠶᠢᠨ ᠬᠢᠭᠰᠡᠨ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠨᠡᠨ ᠠᠴᠠ ᠵᠥᠪ ᠢ ᠡᠷᠢᠵᠦ᠂ ᠤᠯᠠᠭᠠᠨᠴᠠᠪ ᠤᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠭᠰᠠᠨ ᠨᠢ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ᠃ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ  ᠢᠦᠢ ᠳ᠋ᠠᠢ ᠴᠢᠩ᠂ ᠳᠥᠷᠪᠡᠳ ᠬᠤᠰᠢᠭᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠤᠷᠤᠯᠴᠠᠯᠭ᠎ᠠ᠂ ᠤᠬᠠᠭᠤᠯᠭ᠎ᠠ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠳᠬᠤᠵᠤ᠂ ᠨᠠᠮ ᠤᠨ ᠲᠥᠯᠥᠭᠡᠯᠡᠭᠴᠢᠳ ᠤᠨ  ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠰᠠᠶᠢᠲᠤᠷ ᠪᠡᠶᠡᠯᠡᠭᠦᠯᠬᠦ ᠪᠣᠯᠤᠨ᠎ᠠ᠃           ᠢᠦᠢ ᠳ᠋ᠠᠢ ᠴᠢᠩ᠂ ᠪᠦᠬᠦ ᠬᠤᠲᠠ ᠶᠢᠨ ᠴᠣᠷ ᠤᠨ ᠭᠠᠭᠴᠠ ᠬᠢᠯᠢ ᠶᠢᠨ ᠬᠤᠰᠢᠭᠤ ᠪᠣᠯᠤᠭᠰᠠᠨ ᠤ ᠬᠤᠪᠢ ᠳᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠪᠣᠯ ᠳᠥᠷᠪᠡᠳ ᠬᠤᠰᠢᠭᠤᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃ ᠬᠤᠶᠢᠰᠢᠳᠠ ᠶᠢᠨ ᠠᠵᠢᠯ ᠳᠤᠮᠳᠠ᠂ ᠳᠥᠷᠪᠡᠳ ᠬᠤᠰᠢᠭᠤ ᠣᠯᠠᠨ ᠬᠡᠯᠪᠡᠷᠢ ᠶᠠᠩᠵᠤ ᠶᠢᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠺᠠᠳ᠋ᠷ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠢ ᠲᠠᠨᠢᠯᠲᠠ ᠲᠠᠨᠢᠯᠲᠠ ᠶᠢ ᠨᠢ ᠨᠡᠮᠡᠭᠳᠡᠭᠦᠯᠬᠦ ᠪᠣᠯᠤᠨ᠎ᠠ᠃ ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ ᠡᠨᠡᠬᠦ ᠭᠤᠣᠯ ᠱᠤᠭᠤᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠲᠤᠤᠱᠯᠠᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠦᠨ ᠵᠢᠯᠣᠭᠤᠳᠴᠤ ᠥᠨᠢ ᠡᠭᠦᠷᠢᠳᠡ ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠶᠠᠪᠤᠬᠤ ᠪᠣᠯᠭᠠᠨ᠎ᠠ᠃         ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ 《 ᠬᠤᠷᠢᠭ᠎ᠠ ᠱᠤᠭᠤᠮ 》 ᠢ ᠴᠢᠩᠭ᠎ᠠ ᠰᠠᠬᠢᠵᠤ᠂ ᠲᠠᠯ᠎ᠠ ᠨᠤᠲᠤᠭ ᠪᠠ ᠣᠢ ᠰᠢᠭᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠪᠥᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠤᠲᠤᠭ ᠪᠡᠯᠴᠢᠭᠡᠷ᠂ ᠣᠢ ᠰᠢᠭᠤᠢ ᠶᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠢ ᠠᠬᠤᠢ ᠶᠢᠨ ᠴᠢᠳᠠᠮᠵᠢ ᠶᠢᠨ ᠰᠡᠷᠭᠦᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠠᠮᠠᠭᠠᠯᠠᠬᠤ ᠶᠢ ᠦᠨᠳᠦᠰᠦᠨ ᠱᠠᠭᠠᠷᠳᠠᠯᠭ᠎ᠠ ᠪᠣᠯᠭᠠᠵᠤ᠃ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠢ ᠬᠡᠰᠡᠭᠯᠡᠨ ᠮᠠᠯᠵᠢᠬᠤ᠂ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠬᠤᠪᠢᠶᠠᠨ ᠰᠡᠯᠭᠦᠨ ᠮᠠᠯᠵᠢᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠯᠴᠢᠭᠡᠷ ᠥᠨᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠲᠤᠬᠠᠢ ᠢᠦᠢ ᠳ᠋ᠠᠢ ᠴᠢᠩ ᠭᠦᠨ ᠲᠥᠷᠥᠭᠳᠡᠯ ᠲᠠᠢ ᠪᠠᠶᠢᠵᠤ᠂ ᠲᠡᠷᠡ᠄  ᠳᠥᠷᠪᠡᠳ ᠬᠤᠰᠢᠭᠤ ᠨᠢ ᠤᠯᠤᠰ ᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠤᠭᠰᠠᠨ ᠤ ᠬᠤᠪᠢ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠠᠯᠢᠪᠠ ᠠᠵᠢᠯ ᠤᠨ ᠡᠭᠦᠰᠬᠡᠯ ᠲᠡᠭᠦᠰᠬᠡᠯ ᠮᠥᠨ᠃ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠪᠠᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠣᠯᠭᠠᠨ᠂ ᠣᠢ ᠰᠢᠭᠤᠢ ᠡᠪᠡᠰᠦ ᠪᠡᠯᠴᠢᠭᠡᠷ ᠤᠨ ᠤᠷᠭᠤᠴᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠴᠢᠭᠡᠷ ᠤᠨ  ᠳᠠᠭᠠᠭᠠᠴᠠ ᠠᠴᠠ ᠬᠡᠲᠦᠷᠡᠲᠡᠯ᠎ᠡ ᠮᠠᠯ ᠮᠠᠯᠯᠠᠬᠤ᠂ ᠳᠤᠷ᠎ᠠ ᠪᠠᠷ ᠢᠶᠠᠨ ᠮᠠᠯᠲᠠᠬᠤ᠂ ᠠᠲᠠᠷ ᠬᠠᠭᠠᠯᠪᠤᠷᠢᠯᠠᠨ ᠲᠠᠷᠢᠶ᠎ᠠ ᠲᠠᠷᠢᠬᠤ ᠵᠡᠷᠭᠡ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠳᠠᠬᠢ 〈 ᠥᠴᠦᠬᠡᠨ ᠴᠦ ᠢᠯᠳᠠᠷ ᠬᠠᠶᠠᠬᠤ ᠥᠬᠡᠢ 〉 ᠶᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠣᠢ ᠶᠢᠨ ᠮᠠᠭᠤᠵᠢᠷᠠᠬᠤ ᠶᠢ ᠥᠭᠡᠷᠡᠴᠢᠯᠡᠬᠦ᠂ ᠲᠣᠣᠷᠠᠢ ᠶᠢᠨ ᠣᠢ ᠶᠢ ᠣᠷᠣᠭᠤᠯᠵᠤ ᠢᠷᠡᠨ ᠦᠷᠡᠵᠢᠭᠦᠯᠬᠦ ᠪᠠ ᠤᠯᠤᠰ ᠤᠨ ᠥᠮᠴᠢᠯᠡᠯᠲᠦ ᠤᠯᠠᠭᠠᠨ ᠲᠤᠭ ᠤᠨ ᠣᠢ ᠰᠢᠭᠤᠢ ᠶᠢᠨ ᠲᠠᠯᠠᠪᠠᠢ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 《 14·5 》 ᠤ ᠲᠥᠯᠥᠪᠵᠢᠭᠦᠯᠭᠡ ᠶᠢᠨ ᠬᠤᠭᠤᠴᠠᠭᠠᠨ ᠤ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 30% ᠳᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠵᠤ᠂ ᠣᠢ ᠰᠢᠭᠤᠢ ᠶᠢᠨ ᠪᠦᠷᠬᠦᠴᠡ ᠶᠢᠨ ᠬᠡᠮᠵᠢᠶ᠎ᠡ ᠶᠢ 21.52% ᠪᠣᠯᠲᠠᠯ᠎ᠠ ᠳᠡᠭᠡᠭᠰᠢᠯᠡᠭᠦᠯᠬᠦ ᠬᠡᠷᠡᠭᠲᠡᠢ᠃              ᠢᠷᠡᠭᠡᠳᠦᠢ ᠶᠢᠨ ᠬᠥᠭᠵᠢᠯᠲᠡ ᠶᠢᠨ ᠰᠡᠳᠬᠢᠴᠡ ᠶᠢᠨ ᠲᠤᠬᠠᠢ ᠶᠠᠷᠢᠬᠤ ᠳᠠᠭᠠᠨ᠂  ᠢᠦᠢ ᠳ᠋ᠠᠢ ᠴᠢᠩ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠠᠵᠤ ᠠᠬᠤᠢ ᠶᠢᠨ ᠬᠥᠭᠵᠢᠯᠲᠡ ᠶᠢᠨ ᠪᠥᠬᠦ ᠶᠠᠪᠤᠴᠠ ᠳᠤ ᠲᠤᠤᠱᠯᠠᠭᠤᠯᠵᠤ᠂ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠠᠵᠤ ᠦᠢᠯᠡᠰ ᠢ ᠠᠷᠠᠳ ᠲᠦᠮᠡᠨ ᠳᠤ ᠨᠡᠩ ᠢᠯᠡᠭᠦᠦ ᠠᠰᠢᠭ ᠬᠦᠷᠲᠡᠭᠡᠵᠦ᠂ ᠬᠠᠮᠲᠤ ᠪᠠᠷ ᠴᠢᠨᠡᠭᠡᠯᠢᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ ᠳᠥᠷᠪᠡᠳ ᠬᠤᠰᠢᠭᠤ ᠨᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠪᠣᠯᠤᠭᠰᠠᠨ ᠤ ᠬᠤᠪᠢ ᠳᠤ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ 《 ᠲᠠᠪᠤ ᠶᠢ ᠬᠥᠭᠵᠢᠭᠦᠯᠬᠦ 》 ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠩ ᠢ ᠴᠢᠷᠮᠠᠶᠢᠨ ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠡᠭᠦᠳᠦᠯᠲᠡ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠭᠤᠯᠬᠤ ᠶᠢ ᠢᠮᠠᠭᠲᠠ ᠪᠠᠷᠢᠮᠲᠠᠯᠠᠵᠤ᠂ ᠵᠦᠩ ᠵᠢᠶᠠ᠂ ᠰᠢᠨ  ᠢᠦᠢ᠂ ᠰᠠᠢ ᠨᠦᠸᠧ ᠵᠡᠷᠭᠡ ᠦᠷ᠎ᠡ ᠶᠢᠨ ᠦᠢᠯᠡᠰ ᠤᠨ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ 8 ᠲᠥᠮᠥᠰᠥ ᠶᠢᠨ ᠰᠢᠨ᠎ᠡ ᠡᠭᠦᠯᠳᠡᠷ ᠵᠢᠴᠢ ᠲᠦ᠋ ᠮᠧᠩ ᠮᠢᠬᠠᠨ ᠤ ᠬᠤᠨᠢ ᠶᠢ ᠤᠯᠤᠰ ᠤᠨ ᠰᠢᠨ᠎ᠡ ᠡᠭᠦᠯᠳᠡᠷ ᠤᠨ ᠨᠤᠲᠠᠯᠠᠯᠲᠠ ᠪᠠᠷ ᠳᠠᠮᠵᠢᠨ᠂ 《 ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠤᠮᠳᠠ ᠾᠧ ᠾᠧ ᠾᠧ 》 ᠲᠥᠷᠥ ᠶᠢᠨ ᠪᠣᠳᠣᠯᠭ᠎ᠠ  ᠪᠠᠷ ᠲᠣᠬᠢᠶᠠᠯ ᠪᠣᠯᠭᠠᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 600 ᠲᠦᠮᠡᠨ ᠺᠢᠯᠣᠸᠠᠲ ᠤᠨ ᠲᠥᠷᠥᠯ ᠵᠦᠢᠯ ᠪᠣᠯᠤᠨ ᠭᠤᠷᠪᠠᠨ ᠬᠠᠪᠴᠢᠯ ᠤᠨ 200 ᠲᠦᠮᠡᠨ ᠺᠢᠯᠣᠸᠠᠲ ᠤᠨ 《 ᠢᠷᠡᠯᠲᠡ ᠶᠢᠨ ᠲᠣᠣᠷ ᠰᠦᠯᠵᠢᠶᠡᠨ ᠤ ᠳᠠᠭᠠᠭᠠᠴᠠ 》 ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠪᠡᠶ᠎ᠡ ᠲᠠᠮᠢᠷ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ ᠲᠣᠭᠤᠷᠢᠨ ᠳᠤ᠂ ᠵᠢᠭᠤᠯᠴᠢᠯᠠᠯ ᠤᠨ ᠦᠢᠯᠡᠰ ᠢᠶᠠᠷ ᠭᠤᠣᠯᠯᠠᠬᠤ ᠠᠵᠤ ᠦᠢᠯᠡᠰ ᠪᠣᠯᠭᠠᠵᠤ᠂ ᠨᠢᠭᠡᠨ ᠰᠠᠯᠠᠭ᠎ᠠ ᠥᠨᠳᠥᠷ ᠬᠡᠪ ᠴᠢᠨᠠᠷ ᠪᠦᠬᠦᠢ ᠵᠢᠭᠤᠯᠴᠢᠯᠠᠯ ᠤᠨ ᠬᠥᠲᠥᠴᠢ ᠶᠢᠨ ᠡᠩᠨᠡᠭᠡ ᠶᠢ ᠪᠠᠶᠢᠭᠤᠯᠵᠤ᠂ ᠵᠢᠭᠤᠯᠴᠢᠯᠠᠯ ᠤᠨ ᠵᠠᠮ᠂ ᠥᠷᠲᠡᠭᠡ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ 《 ᠢᠳᠡᠵᠦ ᠤᠤᠭᠤᠬᠤ ᠵᠢᠭᠤᠯᠴᠢᠯᠠᠵᠤ ᠵᠢᠭᠤᠯᠴᠢᠯᠠᠵᠤ ᠴᠡᠩᠭᠡᠨ ᠬᠤᠳᠠᠯᠳᠤᠬᠤ 》 ᠴᠢᠬᠤᠯᠠ ᠬᠦᠴᠦᠨ ᠵᠦᠢᠯ ᠢ ᠪᠦᠷᠢᠨᠰᠢᠭᠦᠯᠵᠦ᠂ ᠳ᠋ᠡ ᠬᠤᠩ ᠱᠠᠨ᠂ ᠲᠣᠣᠷᠠᠢ ᠶᠢᠨ ᠣᠢ ᠶᠢ ᠨᠡᠭᠡᠭᠡᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠸᠠᠩ ᠤᠨ ᠣᠷᠳᠣᠨ᠂ ᠬᠤᠩᠭᠤᠷ ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠭᠡᠭᠡᠨᠲᠠᠯ᠎ᠠ ᠶᠢᠨ ᠵᠢᠭᠤᠯᠴᠢᠳ ᠢ ᠣᠶᠢᠯᠠᠭᠠᠬᠤ ᠲᠥᠷᠥᠯ ᠵᠦᠢᠯ ᠢ ᠨᠡᠮᠡᠭᠳᠡᠭᠦᠯᠵᠦ᠂ ᠬᠤᠩᠭᠤᠷ ᠤᠰᠤᠨ ᠴᠥᠭᠦᠷᠥᠮ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠨᠡᠭᠡᠭᠡᠨ ᠬᠥᠭᠵᠢᠭᠦᠯᠵᠦ᠂ ᠪᠦᠬᠦ ᠣᠷᠣᠨ᠂ ᠪᠦᠬᠦ ᠤᠯᠠᠷᠢᠯ ᠤᠨ ᠵᠢᠭᠤᠯᠴᠢᠯᠠᠯ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃             ᠢᠷᠡᠭᠡᠳᠦᠢ ᠶᠢ ᠪᠠᠷᠠᠯᠠᠬᠤ ᠳᠤ᠂  ᠢᠦᠢ ᠳ᠋ᠠᠢ ᠴᠢᠩ ᠢᠲᠡᠭᠡᠯ ᠳᠦᠭᠦᠷᠡᠩ ᠪᠠᠶᠢᠨ᠎ᠠ᠃ ᠲᠡᠷᠡ᠂ ᠳᠥᠷᠪᠡᠳ ᠬᠤᠰᠢᠭᠤ ᠨᠢ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠪᠦᠷᠢᠯᠳᠦᠭᠦᠯᠵᠦ᠂ ᠤᠯᠠᠭᠠᠨᠴᠠᠪ ᠤᠨ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠠᠶᠠᠨ ᠵᠠᠮ ᠳᠤ ᠡᠮᠦᠨ᠎ᠡ ᠡᠩᠨᠡᠭᠡᠨ ᠳᠤ ᠣᠷᠣᠵᠤ᠂ ᠡᠷᠡᠯᠬᠡᠭ ᠪᠠᠭᠠᠲᠤᠷᠯᠢᠭ ᠢᠶᠠᠷ ᠭᠠᠪᠰᠢᠭᠠᠶᠢᠯᠠᠨ ᠪᠠᠶᠢᠯᠳᠤᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠢ ᠡᠭᠦᠳᠦᠨ᠎ᠡ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2