ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ᠂  ᠬᠤᠸᠠᠢ ᠷᠸᠦ  ᠳᠤ ᠬᠤᠷᠠᠯᠳᠤᠭᠰᠠᠨ
ᠨᠡᠶᠢᠲᠡᠯᠡᠭᠰᠡᠨ ᠴᠠᠭ᠄
2023/9/27
       ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ᠂   ᠬᠤᠸᠠᠢ ᠷᠸᠦ  ᠳᠤ ᠬᠤᠷᠠᠯᠳᠤᠭᠰᠠᠨ           ᠣᠶᠢᠷ᠎ᠠ ᠶᠢᠨ ᠡᠳᠦᠷ᠂ ᠮᠠᠨ ᠤ ᠬᠤᠰᠢᠭᠤᠨ ᠤ  ᠠᠷᠠᠯᠵᠢᠶᠠᠴᠢᠨ ᠤᠷᠢᠵᠤ  ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠬᠤᠸᠠᠢ ᠷᠸᠦ  ᠳᠤ ᠬᠤᠷᠠᠯᠳᠤᠵᠤ᠂ ᠤᠯᠠᠭᠠᠨᠴᠠᠪ ᠬᠤᠲᠠ ᠶᠢᠨ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠪᠡᠭᠡᠵᠢᠩ ᠤᠨ ᠤᠯᠠᠭᠠᠨᠴᠠᠪ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ᠂ ᠳᠥᠷᠪᠡᠳ  ᠨᠤᠲᠤᠭ ᠲᠠᠢ ᠪᠡᠭᠡᠵᠢᠩ ᠳᠤ ᠪᠠᠶᠢᠭ᠎ᠠ ᠰᠢᠯᠢᠳᠡᠭ ᠴᠢᠳᠠᠪᠤᠷᠢᠲᠠᠨ᠂ ᠪᠡᠭᠡᠵᠢᠩ ᠳᠤ ᠪᠠᠶᠢᠭ᠎ᠠ ᠠᠵᠤ ᠠᠬᠤᠶᠢᠯᠠᠯ᠂ ᠪᠡᠭᠡᠵᠢᠩ ᠤᠨ ᠬᠤᠸᠠᠢ ᠷᠸᠦ ᠲᠣᠭᠤᠷᠢᠭ ᠤᠨ ᠳᠡᠳ᠋ ᠳᠠᠷᠤᠭ᠎ᠠ   ᠢᠦᠢ ᠵᠢᠶᠠ ᠮᠢᠩ᠂ ᠸᠧᠢ ᠰᠢᠶᠣᠤ ᠫᠢᠩ᠂ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠷᠦᠢ ᠪᠢᠨ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂   ᠬᠤᠰᠢᠭᠤ ᠳᠠᠷᠤᠭ᠎ᠠ ᠰᠦᠯᠳᠡ ᠵᠢᠴᠢ ᠳᠥᠷᠪᠡᠳ ᠬᠤᠰᠢᠭᠤᠨ ᠤ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠲᠡ 200 ᠭᠠᠷᠤᠢ ᠬᠥᠮᠦᠨ ᠤᠷᠤᠯᠴᠠᠭᠰᠠᠨ  ᠪᠠᠶᠢᠨ᠎ᠠ ᠃          ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠥᠷᠪᠡᠳ ᠬᠤᠰᠢᠭᠤᠨ ᠤ ᠤᠬᠠᠭᠤᠯᠭ᠎ᠠ ᠶᠢᠨ ᠹᠢᠯᠢᠮ ᠢ ᠦᠵᠡᠬᠦ ᠪᠠᠷ ᠳᠠᠮᠵᠢᠭᠤᠯᠤᠨ᠂ ᠳᠥᠷᠪᠡᠳ ᠬᠤᠰᠢᠭᠤᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠣᠯᠤᠨ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ  ᠤᠶᠢᠯᠭᠠᠭᠤᠯᠵᠤ᠂ ᠭᠠᠷ ᠤᠨ ᠦᠰᠦᠭ ᠵᠢᠷᠤᠬᠤ ᠶᠣᠰᠣᠯᠠᠯ ᠤᠨ ᠭᠤᠭᠴᠤᠭ᠎ᠠ  ᠳᠤ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠠᠢ ᠳᠧ ᠪᠡᠯᠡ ᠣᠷᠣᠭᠤᠯᠤᠨ ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠠᠩᠭᠠᠨ ᠪᠣᠷᠣᠯᠠᠭᠤᠯᠬᠤ ᠱᠦᠨ ᠨᠦᠩ ( ᠪᠡᠭᠡᠵᠢᠩ ) ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ 8 ᠠᠵᠤ ᠠᠬᠤᠶᠢᠯᠠᠯ  ᠲᠠᠢ ᠭᠡᠷ᠎ᠡ  ᠲᠤᠭᠲᠠᠭᠠᠭᠰᠠᠨ  ᠪᠠᠶᠢᠨ᠎ᠠ ᠃           ᠳᠠᠷᠠᠭᠠᠴᠢ ᠶᠢᠨ ᠠᠯᠬᠤᠮ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ  ᠣᠶᠢᠯᠠᠭᠠᠯᠴᠠᠵᠤ ᠨᠡᠪᠲᠡᠷᠡᠯᠴᠡᠬᠦ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂  ᠪᠡᠭᠡᠵᠢᠩ  ᠤᠨ ᠠᠵᠤ ᠠᠬᠤᠶᠢᠯᠠᠯ ᠤᠨ ᠪᠡᠯᠡ ᠣᠷᠣᠭᠤᠯᠬᠤ ᠶᠢ ᠲᠠᠲᠠᠵᠤ᠂ ᠳᠥᠷᠪᠡᠳ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠮᠡᠷᠭᠡᠵᠢᠯ᠂ ᠪᠡᠯᠡ ᠮᠥᠩᠭᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠪᠦᠬᠦ ᠲᠠᠯ᠎ᠠ ᠶᠢᠨ᠂ ᠥᠨᠳᠥᠷ ᠲᠦᠪᠰᠢᠨ ᠲᠠᠢ ᠬᠠᠮᠲᠤᠷᠠᠨ ᠠᠵᠢᠯᠯᠠᠬᠤ ᠰᠢᠨ᠎ᠡ ᠪᠠᠶᠢᠳᠠᠯ ᠢ ᠭᠠᠷ ᠬᠤᠯᠪᠣᠨ ᠨᠡᠭᠡᠭᠡᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠳᠥᠷᠪᠡᠳ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠳᠡᠮᠵᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ    ᠮᠦᠰᠢᠶᠡ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2