ᠮᠠᠨ ᠤ ᠬᠤᠰᠢᠭᠤᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠤᠨ 《 ᠡᠯᠪᠡᠭ ᠬᠤᠷᠢᠶᠠᠯᠲᠠ ᠶᠢᠨ ᠪᠠᠶᠠᠷ》 ᠤᠨ  ᠡᠬᠢᠯᠡᠯᠲᠡ ᠶᠢᠨ ᠶᠣᠰᠣᠯᠠᠯ ᠳᠤ  ᠤᠷᠤᠯᠴᠠᠭᠰᠠᠨ
ᠨᠡᠶᠢᠲᠡᠯᠡᠭᠰᠡᠨ ᠴᠠᠭ᠄
2023/9/27
       ᠮᠠᠨ ᠤ ᠬᠤᠰᠢᠭᠤᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠤᠨ 《 ᠡᠯᠪᠡᠭ ᠬᠤᠷᠢᠶᠠᠯᠲᠠ ᠶᠢᠨ ᠪᠠᠶᠠᠷ》 ᠤᠨ  ᠡᠬᠢᠯᠡᠯᠲᠡ ᠶᠢᠨ ᠶᠣᠰᠣᠯᠠᠯ ᠳᠤ  ᠤᠷᠤᠯᠴᠠᠭᠰᠠᠨ            ᠣᠶᠢᠷ᠎ᠠ ᠶᠢᠨ ᠡᠳᠦᠷ᠂ 2023 ᠣᠨ ᠤ ᠬᠤᠸᠠᠢ ᠷᠸᠦ ᠲᠣᠭᠤᠷᠢᠭ ᠤᠨ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠢᠴᠢ 34 ᠳ᠋ᠦ᠋ᠭᠡᠷ ᠬᠤᠭᠤᠴᠠᠭᠠᠨ ᠤ ᠪᠡᠭᠡᠵᠢᠩ ᠤᠨ ᠲᠠᠷᠢᠶᠠᠴᠢᠳ ᠤᠨ ᠤᠷᠠᠯᠢᠭ ᠤᠨ ᠨᠠᠶᠢᠷ ᠪᠧᠢ ᠹᠠᠩ ᠪᠠᠯᠭᠠᠰᠤᠨ ᠳᠤ  ᠶᠠᠪᠤᠭᠳᠠᠭᠰᠠᠨ᠂ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠸᠠᠢ ᠷᠸᠦ ᠶᠢᠨ ᠰᠢᠨᠵᠢᠯᠡᠬᠦ ᠤᠬᠠᠭᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠭᠦᠸᠧ ᠶᠠᠨ ᠬᠤᠩ᠂  ᠬᠤᠰᠢᠭᠤ ᠨᠠᠮ ᠤᠨ ᠬᠤᠷᠢᠶᠠᠨ ᠤ ᠱᠦᠵᠢ   ᠢᠦᠢ ᠳ᠋ᠠᠢ ᠴᠢᠩ ᠡᠬᠢᠯᠡᠯᠲᠡ ᠶᠢᠨ ᠶᠣᠰᠣᠯᠠᠯ ᠳᠤ  ᠤᠷᠤᠯᠴᠠᠭᠰᠠᠨ  ᠪᠠᠶᠢᠨ᠎ᠠ ᠃          ᠠᠬᠤᠢ ᠲᠠᠯᠠᠪᠠᠢ ᠳᠤ᠂ ᠮᠠᠨ ᠤ ᠬᠤᠰᠢᠭᠤᠨ ᠤ 11 ᠠᠵᠤ ᠠᠬᠤᠶᠢᠯᠠᠯ ᠠᠴᠠ  ᠣᠨᠴᠠᠯᠢᠭᠲᠤ ᠲᠠᠷᠢᠶᠠᠯᠠᠩ  ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ  ᠦᠵᠡᠭᠦᠯᠭᠡ  ᠬᠢᠭᠰᠡᠨ᠂ ᠣᠶᠢᠷ᠎ᠠ ᠶᠢᠨ ᠵᠢᠯ ᠠᠴᠠ᠂ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ᠂ ᠳᠥᠷᠪᠡᠳ ᠬᠤᠰᠢᠭᠤ ᠬᠤᠶᠠᠷ ᠭᠠᠵᠠᠷ ᠤᠨ ᠬᠠᠮᠵᠢᠯᠴᠠᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂   ᠳᠥᠷᠪᠡᠳ ᠬᠤᠰᠢᠭᠤᠨ ᠤ  ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠨᠡᠮᠡᠭᠳᠡᠵᠦ᠂ ᠰᠠᠶᠢᠨ ᠰᠠᠶᠢᠬᠠᠨ ᠪᠣᠷᠣᠯᠠᠭᠤᠯᠤᠯᠲᠠ ᠶᠢᠨ ᠣᠷᠴᠢᠨ ᠢ ᠪᠣᠢ ᠪᠣᠯᠭᠠᠵᠤ᠂  ᠳᠦᠷᠪᠡᠦᠨ ᠬᠤᠰᠢᠭᠤᠨ ᠤ ᠪᠦᠲᠦᠭᠡᠭᠳᠡᠬᠦᠨ ᠤ   ᠨᠡᠷᠡᠲᠦ  ᠲᠡᠮᠳᠡᠭ ᠢ ᠶᠡᠬᠡᠬᠡᠨ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠥᠷᠪᠡᠳ ᠬᠤᠰᠢᠭᠤᠨ ᠤ ᠨᠡᠩ ᠣᠯᠠᠨ ᠪᠣᠬᠢᠷᠲᠤᠯ ᠦᠭᠡᠢ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠪᠦᠬᠦ ᠣᠷᠣᠨ᠂ ᠪᠦᠬᠦ ᠤᠯᠤᠰ ᠵᠦᠭ  ᠲᠤ ᠬᠦᠷᠭᠡᠵᠦ᠂ ᠤᠯᠤᠰ ᠤᠨ ᠴᠢᠬᠤᠯᠠ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ   ᠬᠦᠴᠦᠨ ᠨᠡᠮᠡᠷᠢᠯᠡᠨ᠎ᠡ᠃          ᠬᠤᠸᠠᠢ ᠷᠸᠦ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠤᠸᠠᠢ ᠷᠸᠦ ᠰᠢᠨᠵᠢᠯᠡᠬᠦ ᠤᠬᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ  ᠢᠦᠢ ᠴᠢᠩ ᠹᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠰᠦᠯᠳᠡ ᠵᠡᠷᠭᠡ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠭᠡᠰᠢᠭᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ    ᠮᠦᠰᠢᠶᠡ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2