ᠪᠥᠬᠦ ᠬᠤᠲᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠤᠨ | 《 ᠳᠠᠯᠭᠡᠬᠦ ᠦᠵᠡᠭᠦᠯᠬᠦ ᠠᠳᠠᠯᠢᠳᠬᠠᠬᠤ 》 ᠲᠤᠬᠠᠢ ᠶᠢᠨ ᠭᠠᠵᠠᠷ ᠤᠨ ᠬᠤᠷᠠᠯ ᠮᠠᠨ ᠤ ᠬᠤᠰᠢᠭᠤᠨ ᠳᠤ | ᠶᠠᠪᠤᠭᠳᠠᠭᠰᠠᠨ | ᠣᠶᠢᠷ᠎ᠠ ᠳᠤ᠂ ᠪᠥᠬᠦ ᠬᠤᠲᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠨᠠᠷ ᠤᠨ 《 ᠳᠠᠯᠭᠡᠬᠦ ᠦᠵᠡᠭᠦᠯᠬᠦ ᠠᠳᠠᠯᠢᠳᠬᠠᠬᠤ 》 ᠲᠤᠬᠠᠢ ᠶᠢᠨ ᠭᠠᠵᠠᠷ ᠤᠨ ᠬᠤᠷᠠᠯ ᠮᠠᠨ ᠤ | ᠬᠤᠰᠢᠭᠤᠨ ᠳᠤ ᠶᠠᠪᠤᠭᠳᠠᠭᠰᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠤᠶᠠᠳᠤᠭᠠᠷ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠡᠦ ᠯᠢ ᠵᠢᠶᠦ᠋ᠨ᠂ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢ ᠹᠦ ᠵᠣ᠋᠂ ᠲᠤᠬᠠᠢ ᠶᠢᠨ | ᠲᠠᠯᠠᠪᠠᠢ ᠶᠢᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠪᠠᠷ᠎ᠠ | ᠪᠣᠯᠤᠭᠰᠠᠨ ᠪᠠᠶᠢᠨ᠎ᠠ᠃ | ᠲᠤᠬᠠᠢ ᠶᠢᠨ ᠲᠠᠯᠠᠪᠠᠢ ᠶᠢᠨ ᠬᠤᠷᠠᠯ ᠨᠢ᠂ ᠤᠷᠢᠳ ᠬᠤᠵᠢᠳ ᠰᠠᠢ ᠨᠦᠸᠧ ᠬᠤᠨᠢᠨ ᠤ ᠰᠢᠨᠵᠢᠯᠡᠬᠦ | ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠨ ᠢᠦᠢ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠵᠢᠢ ᠱᠧᠩ | ᠲᠠᠢ ᠪᠠᠯᠭᠠᠰᠤ ᠶᠢᠨ ᠳᠧ ᠱᠧᠩ ᠭᠧᠦ ᠲᠣᠰᠬᠤᠨ ᠳᠤ ᠬᠦᠷᠴᠦ ᠠᠬᠤᠢ ᠲᠠᠯᠠᠪᠠᠢ ᠳᠤ ᠲᠣᠭᠤᠷᠢᠨ ᠦᠵᠡᠵᠦ᠂ | ᠬᠠᠮᠢᠶ᠎ᠠ ᠪᠥᠬᠦᠢ ᠬᠠᠷᠢᠭᠤᠴᠠᠯᠭᠠᠲᠠᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠤ᠂ ᠳᠥᠷᠪᠡᠳ ᠬᠤᠰᠢᠭᠤᠨ ᠤ | ᠲᠥᠮᠥᠰᠥ᠂ ᠢᠳᠡᠰᠢᠨ ᠬᠤᠨᠢᠨ ᠤ ᠠᠵᠤ ᠦᠢᠯᠡᠰ ᠤᠨ ᠬᠡᠯᠬᠢᠶᠡᠰᠦ ᠵᠢᠴᠢ ᠬᠥᠳᠡᠭᠡ ᠲᠣᠰᠬᠤᠨ ᠤ ᠣᠨᠴᠠᠯᠢᠭᠲᠤ | ᠠᠵᠤ ᠦᠢᠯᠡᠰ ᠤᠨ ᠬᠥᠭᠵᠢᠯᠲᠡ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠨᠤᠲᠤᠭ ᠤᠨ ᠰᠤᠷᠲᠠᠯ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠭᠦᠨᠵᠡᠭᠡᠢ ᠤᠶᠢᠯᠠᠭᠠᠭᠰᠠᠨ | ᠪᠠᠶᠢᠨ᠎ᠠ᠃ | ᠡᠨᠡ ᠵᠢᠯ ᠠᠴᠠ ᠨᠡᠰᠢ᠂ ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《 ᠵᠢᠱᠢᠶᠡᠴᠢ ᠥᠪᠡᠷᠲᠡᠭᠡᠨ ᠵᠠᠰᠠᠬᠤ ᠣᠷᠣᠨ | 》 ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠦᠨ ᠰᠠᠶᠢᠲᠤᠷ | ᠪᠡᠶᠡᠯᠡᠭᠦᠯᠵᠦ᠂ ᠪᠦᠬᠦ ᠬᠤᠰᠢᠭᠤᠨ ᠤ 《 ᠳᠥᠷᠪᠡᠨ ᠶᠡᠭᠡ ᠭᠤᠣᠯᠯᠠᠭᠴᠢ ᠠᠵᠤ ᠦᠢᠯᠡᠰ 》 ᠢ ᠬᠥᠭᠵᠢᠭᠦᠯᠬᠦ᠂ | 《 ᠲᠠᠪᠤᠨ ᠵᠠᠭᠤᠨ ᠳ᠋ᠦᠩᠰᠢᠭᠤᠷ ᠤᠨ ᠳᠡᠰ ᠤᠨ ᠠᠵᠤ ᠦᠢᠯᠡᠰ ᠤᠨ ᠪᠦᠯᠦᠭᠯᠡᠯ 》 ᠢ ᠲᠦᠯᠬᠢᠨ ᠠᠬᠢᠭᠤᠯᠬᠤ | ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ 《 ᠳᠠᠯᠭᠡᠬᠦ ᠦᠵᠡᠭᠦᠯᠬᠦ | ᠠᠳᠠᠯᠢᠳᠬᠠᠬᠤ 》 ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠡᠯ᠎ᠡ ᠲᠥᠷᠥᠯ ᠤᠨ | ᠠᠵᠢᠯ ᠦᠢᠯᠡᠰ ᠤᠨ ᠬᠥᠭᠵᠢᠯᠲᠡ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ | ᠃ | ᠬᠤᠰᠢᠭᠤᠨ ᠤ ᠤᠳᠤᠷᠢᠳᠤᠯᠭ᠎ᠠ ᠵᠠᠩ ᠰᠢᠦᠸᠠᠢ ᠴᠦᠨ᠂ ᠵᠠᠩ ᠵᠢᠶᠦ᠋ᠨ᠂ ᠡᠯ᠎ᠡ ᠰᠤᠮᠤ ᠰᠢᠶᠠᠩ | ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠢᠦᠢ ᡁᠢ ᠹᠠᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |