《 ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ | ᠠᠬᠢᠭᠤᠯᠬᠤ ᠠᠷᠭ᠎ᠠ ᠬᠡᠮᠵᠢᠶ᠎ᠡ ᠨᠦᠬᠦᠳ ᠤᠨ ᠲᠤᠬᠠᠢ 》ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ 《 ᠲᠠᠸᠠᠷ ᠤᠨ | ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠠᠬᠢᠭᠤᠯᠬᠤ | ᠲᠤᠬᠠᠢ ᠠᠷᠭ᠎ᠠ ᠬᠡᠮᠵᠢᠶ᠎ᠡ ᠨᠦᠬᠦᠳ 》 ( ᠳᠣᠷᠣᠭᠰᠢ 《 ᠠᠷᠭ᠎ᠠ ᠬᠡᠮᠵᠢᠶ᠎ᠡ 》 ᠭᠡᠵᠦ ᠲᠣᠪᠴᠢᠯᠠᠨ᠎ᠠ ) ᠶᠢ | ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ | ᠲᠠᠶᠢᠯᠪᠤᠷᠢᠯᠠᠪᠠ᠄ | ᠨᠢᠭᠡ᠂ 《 ᠠᠷᠭ᠎ᠠ ᠬᠡᠮᠵᠢᠶ᠎ᠡ 》 ᠶᠢ ᠨᠡᠶᠢᠲᠡᠯᠡᠭᠰᠡᠨ ᠠᠬᠤᠢ ᠪᠠᠶᠢᠳᠠᠯ ᠪᠠ ᠦᠨᠳᠦᠰᠦᠯᠡᠯ ᠨᠢ ᠶᠠᠭᠤ ᠪᠣᠢ | ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 《 | ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ | ᠬᠡᠷᠡᠭᠵᠢᠭᠦᠯᠬᠦ ᠲᠤᠬᠠᠢ ᠰᠠᠨᠠᠯ 》 ( ᠥᠪᠥᠷ ᠵᠠᠰᠠᠭ ᠲᠠᠷᠬᠠᠭᠠᠭᠰᠠᠨ 〔 2017 〕 142 ᠳ᠋ᠤᠭᠠᠷ ᠲᠣᠭᠠᠲᠤ ) | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠶᠢᠨ 《 ᠲᠠᠸᠠᠷ ᠤᠨ | ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠠᠬᠢᠭᠤᠯᠬᠤ | ᠲᠤᠬᠠᠢ ᠬᠡᠷᠡᠭᠵᠢᠭᠦᠯᠬᠦ ᠲᠥᠰᠦᠯ 》 ( ᠥᠪᠥᠷ ᠮᠣᠩᠭᠤᠯ ᠶᠢᠨ ᠬᠢᠨᠠᠨ ᠮᠡᠳᠡᠭᠴᠢ ᠲᠠᠷᠬᠠᠭᠠᠭᠰᠠᠨ 〔 2021 〕 | 11 ᠳ᠋ᠦ᠋ᠭᠡᠷ ᠲᠣᠭᠠᠲᠤ ) ᠶᠢᠨ ᠵᠣᠷᠢᠭ ᠰᠠᠨᠠᠭ᠎ᠠ ᠪᠠᠷ᠂ ᠮᠠᠨ ᠤ ᠬᠤᠲᠠ ᠶᠢᠨ 《 ᠲᠠᠪᠤᠨ ᠶᠡᠭᠡ ᠠᠵᠤ ᠠᠬᠤᠢ 》 ᠢ | ᠬᠥᠭᠵᠢᠭᠦᠯᠬᠦ᠂ 《 ᠠᠷᠪᠠᠨ ᠠᠵᠤ ᠦᠢᠯᠡᠰ ᠤᠨ ᠬᠡᠯᠬᠢᠶᠡᠰᠦ 》 ᠢ ᠲᠡᠭᠦᠯᠳᠡᠷᠵᠢᠭᠦᠯᠬᠦ᠂ 《 ᠲᠠᠪᠤᠨ ᠶᠡᠭᠡ ᠠᠵᠤ | ᠦᠢᠯᠡᠰ ᠤᠨ ᠪᠦᠯᠦᠭᠯᠡᠯ ᠢ ᠪᠠᠶᠢᠭᠤᠯᠬᠤ 》 ᠠᠵᠢᠯ ᠤᠨ ᠰᠡᠳᠬᠢᠴᠡ ᠶᠢᠨ ᠲᠣᠭᠤᠷᠢᠨ ᠳᠤ᠂ ᠲᠠᠸᠠᠷ ᠤᠨ | ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ ᠪᠦᠲᠦᠭᠡᠨ ᠪᠠᠶᠢᠭᠤᠯᠬᠤ ᠪᠠ ᠰᠢᠨ᠎ᠡ ᠶᠢ ᠡᠭᠦᠳᠦᠨ | ᠬᠥᠭᠵᠢᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ ᠠᠬᠤᠢ ᠶᠢᠨ | ᠥᠨᠳᠥᠷ ᠶᠠᠰᠤ ᠴᠢᠨᠠᠷ ᠤᠨ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ᠲᠤᠰ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠶᠠᠷ᠂ ᠨᠠᠶᠢᠷᠠᠭᠤᠯᠤᠨ ᠵᠣᠬᠢᠶᠠᠬᠤ ᠶᠠᠪᠤᠴᠠ 2021 ᠣᠨ ᠤ 6 ᠰᠠᠷ᠎ᠠ ᠳᠤ ᠬᠤᠲᠠ ᠶᠢᠨ ᠵᠠᠰᠠᠭ ᠤᠨ | ᠤᠷᠳᠤᠨ ᠠᠴᠠ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ | ᠪᠠᠷ ᠲᠣᠭᠲᠠᠭᠰᠠᠨ ᠪᠢᠴᠢᠭ ᠮᠠᠲ᠋ᠧᠷᠢᠶᠠᠯ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ | ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ 《 ᠠᠷᠭ᠎ᠠ ᠬᠡᠮᠵᠢᠶ᠎ᠡ ( ᠰᠠᠨᠠᠯ ᠬᠤᠷᠢᠶᠠᠬᠤ ᠨᠣᠣᠷᠠᠭ ) 》 ᠢ | ᠲᠤᠭᠤᠷᠪᠢᠨ ᠪᠢᠴᠢᠭᠰᠡᠨ ᠤ ᠳᠠᠷᠠᠭ᠎ᠠ ᠡᠯ᠎ᠡ ᠬᠤᠰᠢᠭᠤ ᠰᠢᠶᠠᠩ ᠬᠤᠲᠠ ᠲᠣᠭᠤᠷᠢᠭ ᠤᠨ ᠵᠠᠰᠠᠭ ᠤᠨ ᠣᠷᠳᠣᠨ | ᠪᠣᠯᠤᠨ 16 ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ 3 ᠡᠭᠡᠯᠵᠢ ᠶᠢᠨ ᠰᠠᠨᠠᠯ ᠢ ᠭᠦᠢᠴᠡᠳ | ᠰᠣᠨᠣᠰᠴᠤ᠂ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠶᠢᠨ ᠬᠠᠮᠲᠤ ᠬᠠᠤᠯᠢ ᠴᠠᠭᠠᠵᠠ ᠶᠢᠨ ᠲᠣᠪᠴᠢᠶ᠎ᠠ ᠪᠠᠷ ᠳᠠᠮᠵᠢᠨ ᠬᠠᠤᠯᠢ ᠶᠣᠰᠣᠨ ᠤ ᠴᠢᠨᠠᠷᠲᠠᠢ | ᠬᠢᠨᠠᠨ ᠪᠠᠶᠢᠴᠠᠭᠠᠯᠲᠠ ᠬᠢᠵᠦ᠂ 《 ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ | ᠪᠣᠳᠣᠯᠭ᠎ᠠ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠠᠷᠭ᠎ᠠ ᠬᠡᠮᠵᠢᠶ᠎ᠡ ( ᠬᠢᠨᠠᠨ ᠵᠥᠪᠯᠡᠭᠦᠯᠬᠦ ᠨᠣᠣᠷᠠᠭ ) | 》 ᠢ ᠪᠣᠢ ᠪᠣᠯᠭᠠᠵᠠᠢ᠃ | ᠭᠤᠷᠪᠠ᠂ 《 ᠠᠷᠭ᠎ᠠ ᠬᠡᠮᠵᠢᠶ᠎ᠡ 》 ᠶᠢᠨ ᠠᠵᠢᠯ ᠤᠨ ᠬᠠᠷᠠᠯᠲᠠ ᠨᠢ ᠶᠠᠭᠤ ᠪᠣᠢ︖ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠦᠴᠦᠨ | ᠪᠦᠬᠦᠢ ᠲᠠᠸᠠᠷ ᠤᠨ ᠲᠡᠮᠳᠡᠭ ᠳᠠᠩᠰᠠᠯᠠᠭᠤᠯᠤᠭᠰᠠᠨ ᠬᠡᠮᠵᠢᠶ᠎ᠡ ᠵᠢᠯ ᠪᠦᠷᠢ ᠳᠤᠮᠳᠠᠴᠢ ᠪᠠᠷ 10% ᠪᠠᠷ ᠨᠡᠮᠡᠭᠳᠡᠵᠦ᠂ | ᠪᠣᠬᠢᠷᠲᠤᠯ ᠥᠬᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠯ ᠪᠦᠷᠢ ᠳᠤᠮᠳᠠᠴᠢ ᠪᠠᠷ 2.5% ᠪᠠᠷ | ᠨᠡᠮᠡᠭᠳᠡᠪᠡ᠃ 2025 ᠣᠨ ᠪᠣᠯᠬᠤ ᠳᠤ᠂ ᠬᠦᠴᠦᠨ ᠪᠦᠬᠦᠢ ᠲᠠᠸᠠᠷ ᠤᠨ ᠲᠡᠮᠳᠡᠭ ᠤᠨ ᠶᠡᠷᠦᠩᠬᠡᠢ ᠬᠡᠮᠵᠢᠶ᠎ᠡ ᠶᠢ 1. | 7 ᠲᠦᠮᠡ ᠳᠤ ᠬᠦᠷᠦᠭᠦᠯᠵᠦ᠂ ᠮᠠᠳ᠋ᠷᠢᠳ᠋ ᠤᠨ ᠲᠠᠸᠠᠷ ᠤᠨ ᠲᠡᠮᠳᠡᠭ ᠤᠨ ᠳᠠᠩᠰᠠᠯᠠᠭᠤᠯᠤᠭᠰᠠᠨ ᠶᠡᠷᠦᠩᠬᠡᠢ | ᠬᠡᠮᠵᠢᠶ᠎ᠡ ᠶᠢ 5 ᠳᠤ ᠬᠦᠷᠦᠭᠦᠯᠵᠦ᠂ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ 32 | ᠵᠦᠢᠯ ᠳᠤ ᠬᠦᠷᠦᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠢ 13 ᠵᠦᠢᠯᠡᠴᠡ | ᠳᠡᠭᠡᠭᠰᠢ ᠳᠤ ᠬᠦᠷᠦᠭᠦᠯᠵᠦ᠂ ᠬᠠᠮᠲᠤ ᠶᠢᠨ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠶᠢ ᠶᠡᠭᠡ ᠬᠡᠮᠵᠢᠶ᠎ᠡ ᠪᠠᠷ | ᠨᠡᠮᠡᠭᠳᠡᠭᠦᠯᠦᠨ᠎ᠡ᠃ | ᠳᠥᠷᠪᠡ᠂ 《 ᠠᠷᠭ᠎ᠠ ᠬᠡᠮᠵᠢᠶ᠎ᠡ 》 ᠶᠢᠨ ᠭᠤᠣᠯᠳᠠᠯᠭ᠎ᠠ ᠲᠠᠢ ᠠᠵᠢᠯ ᠨᠢ ᠶᠠᠭᠤ ᠪᠣᠢ ? | ᠨᠢᠭᠡ ᠳᠤ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ᠨᠣᠬᠠᠢ ᠶᠢᠨ ᠬᠤᠰᠢᠭᠤ᠂ ᠬᠦᠢᠲᠡᠨ | ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠦᠬᠡᠷ ᠤᠨ ᠮᠢᠬ᠎ᠠ᠂ ᠬᠤᠨᠢᠨ ᠮᠢᠬ᠎ᠠ᠂ ᠡᠭᠡᠳᠡᠭᠰᠡᠨ ᠰᠦ ᠵᠡᠷᠭᠡ | ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠤᠷᠢᠨ ᠳᠤ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠵᠠᠭᠤᠴᠢᠯᠠᠭᠤᠷᠴᠢᠯᠠᠬᠤ ᠬᠥᠲᠥᠴᠢ ᠠᠵᠤ ᠠᠬᠤᠶᠢᠯᠠᠯ᠂ ᠠᠵᠤ ᠦᠢᠯᠡᠰ ᠤᠨ ᠬᠤᠯᠪᠣᠭ᠎ᠠ᠂ | ᠠᠵᠢᠯ ᠲᠥᠷᠥᠯ ᠤᠨ ᠨᠡᠶᠢᠭᠡᠮᠯᠢᠭ ᠲᠤ ᠲᠦᠰᠢᠭᠯᠡᠨ᠂ ᠨᠢᠭᠡ ᠪᠦᠯᠦᠭ ᠵᠠᠬ᠎ᠠ ᠳᠡᠯᠭᠡᠭᠦᠷ ᠤᠨ ᠢᠲᠡᠭᠡᠯ ᠬᠦᠨᠳᠦ ᠪᠠᠷ | ᠥᠨᠳᠥᠷ᠂ ᠥᠷᠢᠰᠦᠯᠳᠦᠬᠦ ᠬᠦᠴᠦᠨ ᠢᠶᠠᠷ ᠴᠢᠩᠭ᠎ᠠ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠵᠢᠴᠢ ᠲᠡᠳᠡᠨ ᠤ ᠡᠳ᠋ᠰᠢᠭᠦᠯᠬᠦ ᠦᠢᠯᠡᠳᠬᠦᠨ ᠤ ᠨᠡᠷᠡᠲᠦ ᠲᠥᠷᠥᠯ ᠲᠡᠮᠳᠡᠭᠲᠦ ᠶᠢ | ᠪᠤᠶᠢᠵᠢᠭᠤᠯᠤᠨ ᠬᠥᠭᠵᠢᠭᠦᠯᠦᠨ᠎ᠡ᠃ | ᠬᠤᠶᠠᠷ ᠲᠤ᠂ ᠣᠷᠣᠨ ᠪᠦᠰᠡ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭ ᠢ ᠪᠥᠬᠦ ᠬᠦᠴᠦᠨ ᠢᠶᠠᠷ | ᠡᠭᠦᠳᠦᠨ᠎ᠡ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠤᠨ ᠭᠠᠵᠠᠷ ᠵᠦᠢ ᠶᠢᠨ ᠲᠡᠮᠳᠡᠭ | ᠲᠠᠸᠠᠷ ᠤᠨ ᠲᠡᠮᠳᠡᠭ ᠢ ᠬᠡᠷᠡᠭᠯᠡᠵᠦ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠶᠢᠬᠤ | ᠪᠠᠷ ᠭᠤᠣᠯ ᠪᠣᠯᠭᠠᠭᠰᠠᠨ ᠣᠷᠣᠨ ᠪᠦᠰᠡ ᠶᠢᠨ ᠲᠥᠷᠥᠯ ᠲᠡᠮᠳᠡᠭ ᠢ ᠪᠣᠢ ᠪᠣᠯᠭᠠᠬᠤ ᠬᠡᠷᠡᠭᠲᠡᠢ᠃ | ᠭᠤᠷᠪᠠ ᠳᠤ᠂ ᠤᠯᠠᠮᠵᠢᠯᠠᠯᠲᠤ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠷᠡᠲᠦ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠬᠢᠭᠡᠳ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠭᠦᠨᠵᠡᠭᠡᠢ ᠡᠮᠬᠢᠯᠡᠨ ᠨᠡᠶᠢᠯᠡᠭᠦᠯᠬᠦ ᠶᠢ ᠬᠥᠲᠥᠯᠦᠨ ᠵᠢᠯᠣᠭᠤᠳᠴᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠨᠡᠷᠡᠲᠦ ᠲᠥᠷᠥᠯ ᠲᠡᠮᠳᠡᠭᠲᠦ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ᠂ ᠲᠣᠮᠣ ᠪᠠᠷᠠᠭᠠᠨ ᠤ ᠭᠦᠢᠯᠭᠡᠭᠡᠨ᠂ ᠰᠢᠨ᠎ᠡ ᠮᠠᠲ᠋ᠧᠷᠢᠶᠠᠯ᠂ ᠣᠳᠣ | ᠦᠶ᠎ᠡ ᠶᠢᠨ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠵᠤ ᠦᠢᠯᠡᠰ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠠᠵᠤ | ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠮᠡᠷᠭᠡᠵᠢᠯ ᠤᠨ ᠶᠠᠰᠤ ᠴᠢᠨᠠᠷ ᠢᠶᠠᠷ ᠲᠤᠯᠭᠠᠭᠤᠷᠢ ᠪᠣᠯᠭᠠᠭᠰᠠᠨ᠂ ᠠᠵᠤ | ᠠᠬᠤᠶᠢᠯᠠᠯ ᠤᠨ ᠨᠡᠷᠡᠲᠦ ᠲᠥᠷᠥᠯ ᠲᠡᠮᠳᠡᠭᠲᠦ ᠪᠠᠷ ᠠᠴᠢᠶᠠᠯᠠᠪᠤᠷᠢ ᠪᠣᠯᠭᠠᠭᠰᠠᠨ ᠣᠷᠣᠨ ᠪᠦᠰᠡ ᠶᠢᠨ ᠴᠢᠨᠠᠷᠲᠠᠢ | ᠣᠨᠴᠠᠯᠢᠭᠲᠤ ᠲᠠᠸᠠᠷ ᠤᠨ ᠲᠡᠮᠳᠡᠭ ᠤᠨ ᠨᠢᠭᠡ ᠪᠦᠯᠦᠭ ᠲᠥᠷᠥᠯ ᠲᠡᠮᠳᠡᠭᠲᠦ ᠶᠢ ᠪᠤᠶᠢᠵᠢᠭᠤᠯᠤᠨ ᠪᠣᠢ ᠪᠣᠯᠭᠠᠨ᠎ᠠ᠃ | ᠳᠥᠷᠪᠡ ᠳᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠰᠦᠷᠦᠭᠵᠢᠯ ᠤᠨ | ᠪᠠᠶᠢᠭᠤᠯᠤᠯᠲᠠ ᠶᠢ ᠦᠨᠡᠨᠬᠦ ᠠᠬᠢᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠡᠳ᠋ᠰᠢᠭᠦᠯᠬᠦ ᠰᠠᠭᠤᠷᠢᠨ ᠭᠠᠵᠠᠷ ᠪᠠ ᠣᠷᠣᠨ ᠪᠦᠰᠡ ᠶᠢᠨ ᠴᠢᠨᠠᠷᠲᠠᠢ ᠰᠣᠶᠣᠯ ᠵᠢᠭᠤᠯᠴᠢᠯᠠᠯ ᠤᠨ ᠠᠷᠠᠴᠢᠯᠠᠵᠤ | ᠵᠤᠰᠠᠯᠠᠩ ᠪᠠᠶᠢᠭᠤᠯᠬᠤ ᠪᠠᠷ ᠳᠠᠮᠵᠢᠨ᠂ ᠬᠤᠪᠢᠰᠬᠠᠯᠲᠤ ᠰᠤᠳᠤᠯᠤᠯ ᠪᠠ ᠵᠢᠭᠤᠯᠴᠢᠯᠠᠯ᠂ ᠭᠠᠷᠠᠭ ᠤᠨ ᠰᠡᠭᠦᠯᠴᠢ ᠶᠢᠨ | ᠰᠤᠯᠠ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ ᠵᠢᠭᠤᠯᠴᠢᠯᠠᠯ᠂ ᠡᠷᠡᠭᠦᠯ ᠮᠡᠨᠳᠦ ᠠᠮᠠᠷᠠᠯᠲᠠ ᠬᠢᠬᠦ ᠬᠠᠷᠠᠯᠲᠠᠲᠤ | ᠭᠠᠵᠠᠷ ᠢ ᠪᠣᠢ ᠪᠣᠯᠭᠠᠵᠤ᠂ ᠠᠵᠢᠯ ᠲᠥᠷᠥᠯ ᠤᠨ ᠴᠢᠨᠠᠷᠲᠠᠢ ᠲᠠᠸᠠᠷ ᠤᠨ ᠲᠡᠮᠳᠡᠭ ᠤᠨ ᠨᠡᠷᠡᠲᠦ ᠲᠥᠷᠥᠯ | ᠲᠡᠮᠳᠡᠭᠲᠦ ᠶᠢᠨ ᠰᠦᠷᠦᠭᠵᠢᠯ ᠢ ᠪᠤᠶᠢᠵᠢᠭᠤᠯᠤᠨ ᠪᠣᠢ ᠪᠣᠯᠭᠠᠨ᠎ᠠ᠃ | ᠲᠠᠪᠤ ᠳᠤ᠂ ᠦᠢᠯᠡᠴᠢᠯᠡᠭᠡᠨ ᠤ ᠦᠢᠯᠡᠰ ᠤᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ | ᠲᠦᠷᠭᠡᠳᠬᠡᠨ ᠪᠤᠶᠢᠵᠢᠭᠤᠯᠤᠨ᠎ᠠ᠃ ᠰᠠᠭᠤᠷᠢ ᠨᠥᠬᠦᠴᠡᠯ ᠢᠶᠠᠷ ᠰᠠᠶᠢᠨ᠂ ᠨᠡᠮᠡᠭᠳᠡᠯ ᠤᠨ ᠳᠠᠯᠳᠠ ᠬᠦᠴᠦᠨ ᠢᠶᠠᠷ ᠶᠡᠭᠡ᠂ | ᠳᠠᠶᠢᠴᠢᠯᠠᠬᠤ ᠦᠢᠯᠡᠳᠦᠯ ᠢᠶᠠᠷ ᠴᠢᠩᠭ᠎ᠠ ᠦᠢᠯᠡᠴᠢᠯᠡᠭᠡᠨ ᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ | ᠠᠵᠢᠯ ᠲᠥᠷᠥᠯ ᠤᠨ ᠲᠡᠷᠢᠭᠦᠨ ᠳᠤ ᠪᠠᠶᠢᠭ᠎ᠠ᠂ ᠨᠡᠯᠢᠶᠡᠳ ᠥᠨᠳᠥᠷ ᠠᠯᠳᠠᠷᠰᠢᠯ ᠲᠠᠢ ᠦᠢᠯᠡᠴᠢᠯᠡᠭᠡᠨ ᠤ ᠦᠢᠯᠡᠰ ᠤᠨ | ᠲᠠᠸᠠᠷ ᠤᠨ ᠲᠡᠮᠳᠡᠭ ᠤᠨ ᠲᠥᠷᠥᠯ ᠲᠡᠮᠳᠡᠭ ᠢ ᠪᠤᠶᠢᠵᠢᠭᠤᠯᠤᠨ᠎ᠠ᠃ | ᠵᠢᠷᠭᠤᠭ᠎ᠠ ᠳᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠨᠡᠷᠡᠲᠦ ᠲᠥᠷᠥᠯ | ᠲᠡᠮᠳᠡᠭᠲᠦ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ᠂ | ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠣᠲᠣᠭᠠᠳᠤ ᠶᠢᠨ ᠶᠠᠰᠤ ᠴᠢᠨᠠᠷ ᠤᠨ | ᠡᠵᠡᠮᠳᠡᠯ ᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ | ᠥᠷᠢᠰᠦᠯᠳᠦᠭᠡᠨ ᠤ ᠳᠠᠪᠠᠭᠤᠯᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠳᠣᠯᠤᠭ᠎ᠠ ᠳᠤ᠂ ᠣᠯᠠᠨ ᠤᠯᠤᠰ ᠤᠨ ᠥᠷᠢᠰᠦᠯᠳᠦᠬᠦ ᠬᠦᠴᠦᠨ ᠲᠠᠢ ᠭᠠᠳᠠᠭᠠᠳᠤ ᠳᠤ ᠭᠠᠷᠭᠠᠬᠤ | ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠲᠠᠸᠠᠷ ᠤᠨ ᠲᠡᠮᠳᠡᠭ ᠤᠨ ᠣᠯᠠᠨ ᠤᠯᠤᠰ ᠲᠤ ᠳᠠᠩᠰᠠᠯᠠᠭᠤᠯᠬᠤ ᠶᠢ ᠥᠷᠨᠢᠭᠦᠯᠦᠨ᠂ | ᠲᠠᠸᠠᠷ ᠤᠨ ᠲᠡᠮᠳᠡᠭ ᠤᠨ ᠣᠯᠠᠨ ᠤᠯᠤᠰ ᠲᠤ ᠳᠠᠩᠰᠠᠯᠠᠭᠤᠯᠬᠤ ᠶᠢᠨ ᠬᠠᠮᠤᠷᠬᠤ ᠬᠡᠪᠴᠢᠶ᠎ᠡ ᠶᠢ ᠶᠡᠬᠡᠪᠡᠷ | ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ | ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ᠂ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠤ ᠭᠠᠳᠠᠭᠠᠳᠤ | ᠭᠠᠷᠭᠠᠯᠲᠠ ᠶᠢ ᠠᠬᠢᠭᠤᠯᠵᠤ᠂ ᠪᠡᠶ᠎ᠡ ᠪᠠᠨ ᠳᠠᠭᠠᠭᠠᠭᠰᠠᠨ ᠲᠥᠷᠥᠯ ᠲᠡᠮᠳᠡᠭ ᠤᠨ ᠥᠷᠲᠡᠭ ᠢ ᠳᠡᠭᠡᠭᠰᠢᠯᠡᠭᠦᠯᠦᠨ᠂ | ᠳᠡᠯᠡᠬᠡᠢ ᠨᠡᠶᠢᠲᠡ ᠳᠤ ᠠᠯᠳᠠᠷᠰᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠪᠤ᠂ 《 ᠠᠷᠭ᠎ᠠ ᠬᠡᠮᠵᠢᠶ᠎ᠡ 》 ᠶᠢ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠢ︖ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠤᠭᠤᠳ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ᠃ | ᠬᠤᠶᠠᠷ ᠲᠤ᠂ ᠰᠠᠯᠠᠭ᠎ᠠ ᠮᠥᠴᠢᠷ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ | ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠴᠤᠭ ᠢᠶᠠᠷ | ᠠᠳᠬᠤᠨ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ ᠪᠣᠢ ᠪᠣᠯᠭᠠᠵᠤ᠂ ᠥᠷᠢᠰᠥᠯᠳᠦᠬᠦ ᠴᠢᠳᠠᠯ ᠲᠠᠢ᠂ | ᠰᠢᠨ᠎ᠡ ᠶᠢ ᠡᠭᠦᠳᠬᠦ ᠬᠦᠴᠦᠨ ᠲᠠᠢ ᠲᠠᠸᠠᠷ ᠤᠨ ᠲᠡᠮᠳᠡᠭ ᠤᠨ ᠲᠥᠷᠥᠯ ᠲᠡᠮᠳᠡᠭ ᠢ ᠲᠥᠯᠥᠪᠯᠡᠭᠡ ᠲᠠᠢ᠂ | ᠭᠤᠣᠯᠳᠠᠯᠭ᠎ᠠ ᠲᠠᠢ ᠪᠠᠷ ᠪᠤᠶᠢᠵᠢᠭᠤᠯᠬᠤ ᠬᠡᠷᠡᠭᠲᠡᠢ᠃ | ᠭᠤᠷᠪᠠ ᠳᠤ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠲᠠᠸᠠᠷ ᠤᠨ ᠲᠡᠮᠳᠡᠭ ᠤᠨ ᠲᠥᠷᠥᠯ ᠲᠡᠮᠳᠡᠭ ᠢ ᠬᠠᠮᠠᠭᠠᠯᠠᠬᠤ | ᠲᠤᠰᠬᠠᠢ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ | ᠠᠯᠤᠰᠯᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠪᠠ ᠬᠠᠮᠵᠢᠯᠴᠠᠬᠤ ᠲᠣᠣᠷ ᠰᠦᠯᠵᠢᠶ᠎ᠡ ᠶᠢ ᠪᠠᠶᠢᠭᠤᠯᠵᠤ᠂ | ᠲᠠᠸᠠᠷ ᠤᠨ ᠲᠡᠮᠳᠡᠭ ᠤᠨ ᠡᠷᠬᠡ ᠳᠤ ᠬᠠᠯᠳᠠᠨ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠳᠥᠷᠪᠡ ᠳᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠳᠠᠨᠵᠢᠯᠠᠵᠤ ᠪᠡᠯᠡ | ᠲᠣᠬᠢᠷᠠᠭᠤᠯᠬᠤ ᠶᠢ ᠠᠬᠢᠭᠤᠯᠤᠨ᠎ᠠ᠃ᠡᠯ᠎ᠡ ᠭᠠᠵᠠᠷ ᠣᠷᠣᠨ ᠨᠤᠭᠤᠳ ᠪᠡᠯᠡ ᠮᠥᠩᠭᠦ ᠶᠢᠨ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ ᠪᠠᠩᠬᠢ | ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠠᠸᠠᠷ ᠤᠨ ᠲᠡᠮᠳᠡᠭ᠂ ᠲᠤᠰᠬᠠᠢ | ᠠᠰᠢᠭ᠂ ᠭᠠᠵᠠᠷ ᠵᠦᠢ ᠶᠢᠨ ᠲᠡᠮᠳᠡᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠪᠡᠯᠡ | ᠲᠣᠬᠢᠷᠠᠭᠤᠯᠭ᠎ᠠ ᠶᠢᠨ ᠨᠡᠷᠡᠳᠬᠦᠨ ᠢ ᠳᠠᠨᠵᠢᠯᠠᠬᠤ᠂ ᠪᠡᠯᠡ ᠲᠣᠬᠢᠷᠠᠭᠤᠯᠭ᠎ᠠ ᠶᠢᠨ ᠴᠤᠪᠤᠷᠠᠯ ᠢ ᠳᠥᠭᠦᠮᠴᠢᠯᠡᠬᠦ᠂ | ᠲᠠᠸᠠᠷ ᠤᠨ ᠲᠡᠮᠳᠡᠭ ᠢ ᠦᠨᠡᠯᠡᠨ ᠵᠢᠱᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ | ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠶᠢᠯᠠᠯ ᠳᠤ ᠪᠡᠯᠡ ᠲᠣᠬᠢᠷᠠᠭᠤᠯᠬᠤ᠂ | ᠵᠢᠭᠡᠯᠡᠯᠭᠡ ᠶᠢᠨ ᠦᠢᠯᠡᠴᠢᠯᠡᠭᠡᠨ ᠬᠠᠩᠭᠠᠨ᠎ᠠ᠃ | ᠲᠠᠪᠤ ᠳᠤ᠂ ᠨᠡᠷᠡᠲᠦ ᠲᠡᠮᠳᠡᠭᠲᠦ ᠶᠢᠨ ᠤᠬᠠᠭᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ᠂ ᠳᠤᠮᠳᠠᠳᠤ ᠤᠯᠤᠰ ᠤᠨ ᠨᠡᠷᠡᠲᠦ ᠲᠥᠷᠥᠯ ᠲᠡᠮᠳᠡᠭᠲᠦ ᠶᠢᠨ | ᠡᠳᠦᠷ᠂ ᠠᠷᠠᠯᠵᠢᠶᠠᠨ ᠤ ᠴᠤᠭᠯᠠᠭᠠᠨ᠂ ᠦᠵᠡᠰᠬᠦᠯᠡᠩ᠂ ᠶᠠᠷᠢᠶᠠᠨ ᠤ ᠲᠠᠪᠴᠠᠩ ᠵᠢᠴᠢ ᠪᠠᠶᠢᠭ᠎ᠠ ᠭᠠᠵᠠᠷ ᠤᠨ | ᠤᠯᠠᠭᠠᠨᠴᠠᠪ ᠬᠤᠲᠠ ᠶᠢᠨ ᠬᠤᠳᠠᠯᠳᠤᠭᠠᠨ ᠤ ᠡᠪᠯᠡᠯ᠂ ᠬᠤᠲᠠ ᠶᠢᠨ ᠦᠵᠡᠭᠦᠯᠦᠯᠭᠡ ᠶᠢᠨ ᠲᠢᠩᠬᠢᠮ ᠵᠡᠷᠭᠡ | ᠠᠴᠢᠶᠠᠯᠠᠪᠤᠷᠢ ᠶᠢ ᠠᠰᠢᠭᠯᠠᠨ᠂ ᠨᠡᠷᠡᠲᠦ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠥᠷᠨᠢᠭᠦᠯᠵᠦ᠂ ᠤᠯᠠᠭᠠᠨᠴᠠᠪ | ᠬᠤᠲᠠ ᠶᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | ᠢᠷᠡᠯᠲᠡ᠄ ᠳᠦᠷᠪᠡᠦᠨ ᠬᠤᠰᠢᠭᠤᠨ ᠤ | ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ ᠄ ᠲᠡᠷᠭᠡᠯ | ᠬᠢᠨᠠᠭᠴᠢ ᠄ ᠬᠠᠢᠷ᠎ᠠ ᠦᠨᠢᠮᠠᠨᠳᠤᠬᠤ | ᠳᠡᠪᠰᠢᠭᠦᠯᠦᠭᠴᠢ ᠄ ᠲᠡᠷᠭᠡᠯ | | | |