ᠤᠯᠠᠭᠠᠨᠴᠠᠪ ᠬᠤᠲᠠ ᠶᠢᠨ 《 ᠮᠢᠩᠭᠠᠨ ᠵᠦᠢᠯ ᠤᠨ ᠠᠮᠠᠯᠠᠯᠲᠠ 》 ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/5
 ᠤᠯᠠᠭᠠᠨᠴᠠᠪ ᠬᠤᠲᠠ ᠶᠢᠨ 《 ᠮᠢᠩᠭᠠᠨ ᠵᠦᠢᠯ ᠤᠨ ᠠᠮᠠᠯᠠᠯᠲᠠ 》 ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ           ᠨᠢᠭᠡ᠂ ᠠᠬᠤᠢ ᠪᠠᠶᠢᠳᠠᠯ ᠢ ᠲᠣᠭᠲᠠᠭᠠᠬᠤ        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ 2023 ᠣᠨ ᠤ ᠪᠦᠬᠦ ᠣᠷᠣᠨ ᠵᠢᠴᠢ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠯ᠎ᠡ ᠬᠦᠷᠢᠶ᠎ᠡ ᠬᠡᠪᠴᠢᠶᠡᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠤᠰᠠᠳᠠ᠂ 《 ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ 》 ᠢ ᠦᠨᠳᠦᠰᠦᠯᠡᠨ᠂ 《 2022 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠭᠰᠡᠨ ᠮᠡᠳᠡᠭᠦᠯᠦᠯᠲᠡ 》 ᠲᠠᠢ ᠤᠶᠠᠯᠳᠤᠭᠤᠯᠵᠤ᠂ ᠤᠯᠠᠭᠠᠨᠴᠠᠪ ᠬᠤᠲᠠ ᠶᠢᠨ 《 ᠮᠢᠩᠭᠠᠨ ᠵᠦᠢᠯ ᠤᠨ ᠠᠮᠠᠯᠠᠯᠲᠠ 》 ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ ( ᠳᠣᠷᠣᠭᠰᠢ 《 ᠠᠵᠢᠯ ᠤᠨ ᠲᠥᠰᠦᠯ 》 ᠭᠡᠵᠦ ᠲᠣᠪᠴᠢᠯᠠᠨ᠎ᠠ ) ᠶᠢ ᠲᠣᠭᠲᠠᠭᠠᠵᠤ᠂ ᠡᠳᠦᠭᠡ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠠᠷᠤᠮᠠᠯᠯᠠᠨ ᠲᠠᠷᠬᠠᠭᠠᠪᠠ᠃            ᠬᠤᠶᠠᠷ᠂ ᠭᠤᠣᠯ ᠠᠭᠤᠯᠭ᠎ᠠ          《 ᠠᠵᠢᠯ ᠤᠨ ᠲᠥᠰᠦᠯ 》 ᠨᠢ ᠳᠥᠷᠪᠡᠨ ᠬᠡᠰᠡᠭ ᠢᠶᠠᠷ ᠪᠦᠷᠢᠯᠳᠦᠪᠡ᠃        ᠨᠢᠭᠡᠳᠦᠭᠡᠷ ᠬᠡᠰᠡᠭ ᠨᠢ ᠠᠵᠢᠯ ᠤᠨ ᠬᠠᠷᠠᠯᠲᠠ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠲᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠮᠠᠯᠳᠠᠬᠤ ᠪᠠ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ ᠵᠥᠷᠢᠭᠳᠡᠯ ᠤᠨ ᠦᠶ᠎ᠡ ᠲᠠᠰᠤᠯᠳᠠᠬᠤ ᠶᠢ ᠣᠷᠣᠯᠠᠬᠤ ᠪᠠᠷ ᠵᠣᠷᠢᠯᠭ᠎ᠠ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠵᠣᠷᠢᠭ ᠢ ᠦᠨᠡᠨᠬᠦ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢ ᠬᠠᠪᠰᠤᠷᠴᠤ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃         ᠬᠤᠶᠠᠳᠤᠭᠠᠷ ᠬᠡᠰᠡᠭ ᠨᠢ ᠭᠤᠣᠯ ᠡᠭᠦᠷᠭᠡ ᠪᠣᠯᠤᠨ᠎ᠠ᠃1. ᠳᠥᠭᠦᠮ ᠲᠦᠳᠡ ᠥᠨᠳᠥᠷ ᠦᠷ᠎ᠡ ᠪᠦᠲᠦᠮᠵᠢ  ᠲᠠᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃2. ᠬᠦᠴᠦᠨ ᠵᠦᠢᠯ ᠤᠨ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃3. ᠬᠠᠤᠯᠢ ᠳᠦᠷᠢᠮ ᠤᠨ ᠬᠢᠨᠠᠯᠲᠠ ᠬᠠᠮᠢᠶᠠᠷᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃4. ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ᠳᠥᠷᠪᠡᠨ ᠲᠠᠯ᠎ᠠ ᠪᠠᠷ᠂ ᠬᠤᠯᠪᠣᠭᠳᠠᠯ ᠪᠦᠬᠦᠢ ᠠᠵᠢᠯ ᠤᠨ ᠡᠭᠦᠷᠭᠡ ᠪᠣᠯᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃       ᠭᠤᠷᠪᠠᠳᠤᠭᠠᠷ ᠬᠡᠰᠡᠭ ᠨᠢ ᠠᠵᠢᠯ ᠲᠣᠬᠢᠷᠠᠭᠤᠯᠬᠤ᠃ᠨᠢᠭᠡ ᠳᠤ᠂ ᠡᠬᠢᠯᠡᠨ ᠪᠠᠶᠢᠷᠢᠯᠠᠭᠤᠯᠬᠤ ᠱᠠᠲᠤ ᠦᠶ᠎ᠡ ( 2023 ᠣᠨ ᠤ 3 ᠳ᠋ᠤᠭᠠᠷ ᠰᠠᠷ᠎ᠠ ︱ 5 ᠳ᠋ᠤᠭᠠᠷ ᠰᠠᠷ᠎ᠠ ᠶᠢᠨ ᠳᠤᠮᠳᠠᠴᠢ )᠃ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠱᠠᠲᠤ ᠦᠶ᠎ᠡ (2023 ᠣᠨ ᠤ 5 ᠳ᠋ᠤᠭᠠᠷ ᠰᠠᠷ᠎ᠠ ᠶᠢᠨ ᠳᠤᠮᠳᠠᠴᠢ—11 ᠳ᠋ᠦ᠋ᠭᠡᠷ ᠰᠠᠷ᠎ᠠ ᠶᠢᠨ ᠡᠴᠦᠰ )᠃ ᠭᠤᠷᠪᠠ ᠳᠤ᠂ ᠳ᠋ᠦ᠋ᠩᠨᠡᠨ ᠬᠡᠷᠡᠭᠯᠡᠬᠦ ᠱᠠᠲᠤ ᠦᠶ᠎ᠡ (2023 ᠣᠨ ᠤ 12 ᠳ᠋ᠤᠭᠠᠷ ᠰᠠᠷ᠎ᠠ )᠃ ᠳᠥᠷᠪᠡᠳᠦᠭᠡᠷ ᠬᠡᠰᠡᠭ ᠨᠢ ᠠᠵᠢᠯ ᠤᠨ ᠱᠠᠭᠠᠷᠳᠠᠯᠭ᠎ᠠ ᠪᠣᠯᠤᠨ᠎ᠠ᠃ᠦᠵᠡᠯ ᠰᠠᠨᠠᠭᠠᠨ ᠤ ᠲᠠᠨᠢᠯᠲᠠ ᠶᠢ ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ᠂ ᠤᠬᠠᠭᠤᠯᠭ᠎ᠠ ᠲᠠᠨᠢᠯᠴᠠᠭᠤᠯᠭ᠎ᠠ ᠶᠢ ᠴᠢᠬᠤᠯᠠᠴᠢᠯᠠᠬᠤ ᠳᠥᠷᠪᠡᠨ ᠲᠠᠯ᠎ᠠ ᠪᠠᠷ ᠭᠤᠣᠯᠯᠠᠭᠤᠯᠤᠨ᠂ ᠲᠤᠰ ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠬᠦᠴᠦᠯᠡᠨ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃             ᠭᠤᠷᠪᠠ᠂ ᠲᠥᠰᠦᠯ ᠤᠨ ᠵᠣᠷᠢᠯᠭ᠎ᠠ          《 ᠠᠵᠢᠯ ᠤᠨ ᠲᠥᠰᠦᠯ 》 ᠢᠶᠠᠷ ᠳᠠᠮᠵᠢᠨ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠶᠢ ᠪᠦᠬᠦ ᠨᠡᠶᠢᠭᠡᠮ ᠳᠤ ᠬᠠᠨᠳᠤᠭᠤᠯᠤᠭᠰᠠᠨ ᠢᠯᠡ ᠠᠮᠠᠯᠠᠯᠲᠠ ᠪᠣᠯᠭᠠᠨ ᠬᠤᠪᠢᠷᠠᠭᠤᠯᠵᠤ᠂ ᠨᠡᠩ ᠶᠡᠭᠡ ᠡᠷᠴᠢᠮ ᠢᠶᠠᠷ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠥᠭᠵᠢᠭᠡᠨ᠎ᠡ᠃ᠲᠡᠷᠢᠭᠦᠨ ᠤ ᠬᠤᠲᠠ ᠶᠢᠨ ᠲᠤᠷᠰᠢᠯᠭ᠎ᠠ ᠠᠷᠭ᠎ᠠ ᠠᠪᠴᠠᠯ ᠳᠤ ᠪᠦᠬᠦ ᠲᠠᠯ᠎ᠠ  ᠪᠠᠷ ᠬᠠᠨᠳᠤᠵᠤ᠂ ᠲᠥᠷᠥ ᠶᠢᠨ ᠪᠣᠳᠣᠯᠭ᠎ᠠ ᠶᠢ 《 ᠬᠠᠮᠤᠭ ᠡᠴᠦᠰ ᠤᠨ ᠨᠢᠭᠡ ᠺᠢᠯᠣᠮᠧᠳ᠋ᠷ 》 ᠢ ᠨᠡᠪᠲᠡᠷᠡᠭᠦᠯᠵᠦ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠬᠡᠷᠡᠭᠵᠢᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠲᠡᠷᠢᠭᠦᠨ ᠳᠡᠰ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠢ ᠪᠣᠯᠭᠠᠵᠤ᠂ ᠤᠯᠠᠭᠠᠨᠴᠠᠪ ᠤᠨ ᠵᠥᠪ ᠲᠠᠯ᠎ᠠ ᠶᠢᠨ ᠳᠦᠷᠢ ᠲᠦᠷᠬᠦ ᠶᠢ ᠦᠨᠡᠨᠬᠦ ᠪᠠᠶᠢᠭᠤᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2