《 ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠯᠲᠡ ᠶᠢᠨ ᠠᠷᠭ᠎ᠠ 》 ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/5
《 ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠯᠲᠡ ᠶᠢᠨ ᠠᠷᠭ᠎ᠠ 》 ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ            ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠣᠳᠠᠲᠤ ᠦᠷ᠎ᠡ ᠠᠰᠢᠭᠲᠤ ᠴᠢᠨᠠᠷ ᠢ ᠨᠡᠮᠡᠭᠳᠡᠭᠦᠯᠦᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠯᠲᠡ ᠶᠢᠨ ᠠᠵᠢᠯ ᠢ ᠳᠦᠷᠢᠮᠵᠢᠭᠦᠯᠬᠦ ᠶᠢᠨ  ᠲᠣᠰᠠᠳᠠ᠂ ᠮᠠᠨ ᠤ ᠲᠣᠪᠴᠢᠶ᠎ᠠ 《 ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠯᠲᠡ ᠶᠢᠨ ᠠᠷᠭ᠎ᠠ 》 ᠶᠢ ᠨᠣᠣᠷᠠᠭᠯᠠᠪᠠ᠃《 ᠠᠷᠭ᠎ᠠ 》 ᠶᠢᠨ ᠠᠭᠤᠯᠭ᠎ᠠ ᠶᠢ ᠣᠶᠢᠯᠠᠭᠠᠬᠤ ᠳᠤ ᠳᠥᠭᠦᠮ ᠪᠠᠶᠢᠯᠭᠠᠵᠤ᠂ ᠲᠣᠭᠤᠰᠢᠯᠠᠭᠤᠯᠣᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠃             ᠨᠢᠭᠡ᠂ 《 ᠠᠷᠭ᠎ᠠ 》 ᠶᠢ  ᠨᠡᠶᠢᠲᠡᠯᠡᠭᠰᠡᠨ ᠠᠬᠤᠢ ᠪᠠᠶᠢᠳᠠᠯ          《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠪᠠ ᠲᠠᠩᠰᠠᠯᠠᠵᠤ ᠬᠢᠨᠠᠯᠲᠠ ᠲᠠᠯᠪᠢᠬᠤ ᠠᠷᠭ᠎ᠠ 》 ( ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ ) ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ 《 ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠪᠠᠶᠢᠭᠤᠯᠤᠯᠭ᠎ᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ  ᠲᠠᠢ ᠬᠤᠭᠤᠴᠠᠭ᠎ᠠ ᠲᠦᠭᠦᠷᠡᠬᠦ ᠠᠴᠠ 6 ᠰᠠᠷ᠎ᠠ ᠶᠢᠨ ᠡᠮᠦᠨ᠎ᠡ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠬᠦ ᠬᠡᠷᠡᠭᠲᠡᠢ》᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ 》 ( ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠦ᠋ᠭᠡᠷ ᠲᠣᠭᠠᠲᠤ ) ᠶᠢᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ᠄ 《 ᠬᠤᠰᠢᠭᠤ ᠰᠢᠶᠠᠨ ᠤ  ᠱᠠᠳᠤᠨ  ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠦᠷᠢᠮ ᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠢ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠵᠦ ᠪᠣᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠡᠷᠡᠭᠵᠢᠭᠦᠯᠬᠦ ᠰᠠᠯᠠᠭ᠎ᠠ ᠮᠥᠴᠢᠷ ᠨᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠢᠴᠢᠬᠦ ᠬᠡᠷᠡᠭᠲᠡᠢ᠃ ᠳᠠᠷᠠᠭᠠᠬᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ᠂ ᠲᠣᠬᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ 》 ᠭᠡᠵᠤ ᠵᠠᠰᠠᠪᠠ᠃             ᠬᠤᠶᠠᠷ᠂ 《 ᠠᠷᠭ᠎ᠠ 》 ᠶᠢᠨ ᠭᠤᠣᠯ ᠠᠭᠤᠯᠭ᠎ᠠ          ᠲᠤᠰ《 ᠠᠷᠭ᠎ᠠ 》 ᠶᠢᠨ ᠠᠭᠤᠯᠭ᠎ᠠ ᠨᠢ ᠨᠡᠶᠢᠲᠡ 17 ᠵᠤᠷᠪᠤᠰ ᠪᠣᠢ᠃ᠭᠤᠣᠯᠳᠠᠭᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠨ ᠵᠢᠱᠢᠬᠦ ᠠᠵᠢᠯ ᠤᠨ ᠤᠬᠠᠭᠳᠠᠬᠤᠨ᠂ ᠵᠢᠷᠤᠮᠯᠠᠬᠤ ᠵᠠᠷᠴᠢᠮ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠬᠢᠬᠦ ᠪᠠᠶᠢᠳᠠᠯ᠂ ᠬᠠᠷᠢᠭᠤᠴᠠᠭᠰᠠᠨ ᠤ ᠳᠠᠷᠠᠭ᠎ᠠ ᠦᠨᠡᠯᠡᠨ ᠵᠢᠱᠢᠬᠦ  ᠨᠢᠭᠡᠴᠢ᠂ ᠰᠡᠭᠦᠯᠴᠢ ᠶᠢᠨ ᠦᠨᠡᠯᠡᠨ ᠵᠢᠱᠢᠬᠦ ᠪᠠᠷᠢᠮᠵᠢᠶ᠎ᠠ᠂ ᠰᠡᠭᠦᠯᠴᠢ ᠶᠢᠨ ᠦᠨᠡᠯᠡᠨ ᠵᠢᠱᠢᠬᠦ ᠠᠵᠢᠯ ᠤᠨ ᠱᠠᠲᠤ ᠦᠶ᠎ᠡ ᠪᠣᠯᠤᠨ ᠡᠭᠦᠷᠭᠡ᠂ ᠰᠡᠭᠦᠯᠴᠢ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠱᠠᠭᠠᠷᠳᠠᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃             ᠭᠤᠷᠪᠠ᠂ 《 ᠠᠷᠭ᠎ᠠ 》 ᠶᠢ ᠨᠡᠶᠢᠲᠡᠯᠡᠭᠰᠡᠨ ᠠᠴᠢ ᠬᠤᠯᠪᠣᠭᠳᠠᠯ            ᠮᠠᠨ ᠤ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠰᠢᠯᠭᠠᠨ ᠠᠪᠬᠤ ᠱᠠᠲᠤᠨ ᠳᠤ ᠣᠷᠣᠬᠤ ᠭᠡᠵᠦ ᠪᠠᠶᠢᠨ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠪᠠ ᠵᠠᠰᠠᠭ ᠵᠠᠬᠢᠷᠭᠠᠨ ᠤ  ᠵᠢᠷᠣᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠨ ᠵᠢᠱᠢᠬᠦ ᠠᠵᠢᠯ ᠨᠢ ᠰᠢᠯᠭᠠᠨ ᠠᠪᠬᠤ ᠠᠵᠢᠯ ᠤᠨ ᠳᠤᠮᠳᠠᠬᠢ ᠴᠢᠬᠤᠯᠠ ᠬᠤᠪᠢ ᠥᠭᠬᠦ ᠲᠥᠷᠥᠯ ᠵᠦᠢᠯ ᠪᠣᠯᠤᠭᠰᠠᠨ ᠤ ᠬᠤᠪᠢ ᠳᠤ ᠡᠷᠬᠡᠪᠰᠢ ᠱᠠᠭᠠᠷᠳᠠᠯᠭ᠎ᠠ ᠶᠣᠰᠣᠭᠠᠷ ᠳᠠᠷᠠᠭᠠᠴᠢ ᠶᠢᠨ ᠦᠨᠡᠯᠡᠨ ᠵᠢᠱᠢᠬᠦ ᠳᠦᠷᠢᠮ ᠢ ᠪᠠᠶᠢᠭᠤᠯᠬᠤ ᠶᠢᠨ ᠬᠠᠮᠲᠤ᠂ ᠳᠠᠷᠠᠭᠠᠴᠢ ᠶᠢᠨ ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠢ᠃《 ᠠᠷᠭ᠎ᠠ 》 ᠳᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭ᠎ᠠ ᠦᠨᠡᠯᠡᠨ ᠵᠢᠱᠢᠬᠦ ᠠᠵᠢᠯ ᠢ ᠥᠷᠨᠢᠭᠦᠯᠬᠦ ᠠᠷᠭ᠎ᠠ ᠶᠢ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭ᠎ᠠ ᠦᠨᠡᠯᠡᠨ ᠵᠢᠱᠢᠬᠦ ᠠᠵᠢᠯ ᠢ ᠵᠢᠷᠤᠮᠯᠠᠬᠤ ᠳᠦᠷᠢᠮ ᠲᠠᠢ ᠪᠣᠯᠭᠠᠬᠤ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2