《 ᠳᠥᠷᠪᠡᠳ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ 》 ᠤᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2023/9/5
《 ᠳᠥᠷᠪᠡᠳ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ 》 ᠤᠨ ᠲᠠᠶᠢᠯᠪᠤᠷᠢᠯᠠᠯᠲᠠ        《 ᠳᠥᠷᠪᠡᠳ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ 》 ᠢ 2021 ᠣᠨ ᠤ 5 ᠰᠠᠷ᠎ᠠ ᠶᠢᠨ 4 ᠤ ᠡᠳᠦᠷ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2021 ᠣᠨ ᠤ 5 ᠰᠠᠷ᠎ᠠ ᠶᠢᠨ 5 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠪᠠ᠄             ᠨᠢᠭᠡ᠂ 《 ᠲᠣᠭᠲᠠᠭᠠᠯ 》᠂ ᠲᠣᠭᠲᠠᠭᠠᠬᠤ ᠶᠢᠨ ᠴᠢᠬᠤᠯᠠ ᠴᠢᠨᠠᠷ           ᠨᠢᠭᠡ ᠳᠤ ᠂ ᠲᠥᠪ ᠤᠨ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠨᠢ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠴᠢᠬᠤᠯᠠ ᠠᠭᠤᠯᠭ᠎ᠠ ᠪᠠᠨ ᠪᠣᠯᠭᠠᠪᠠ᠃        ᠬᠤᠶᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠪᠣᠳᠠᠲᠤ ᠬᠡᠷᠡᠭᠴᠡᠭᠡ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠣᠬᠢᠴᠠᠮᠵᠢ ᠶᠢ ᠢᠳᠡᠪᠬᠢᠲᠡᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠪᠠ ᠬᠢᠷᠢ ᠲᠦᠪᠰᠢᠨ ᠨᠢ ᠲᠠᠰᠤᠷᠠᠯᠲᠠ ᠦᠭᠡᠢ ᠳᠡᠭᠡᠭᠰᠢᠯᠡᠭᠰᠡᠨ ᠪᠣᠯᠪᠠᠴᠤ᠂ ᠣᠯᠠᠨ ᠨᠡᠶᠢᠲᠡ ᠶᠢᠨ ᠣᠷᠣᠯᠴᠠᠭ᠎ᠠ ᠨᠢ ᠦᠷ᠎ᠡ ᠪᠦᠲᠦᠮᠵᠢ ᠢᠯᠡᠷᠬᠡᠢ ᠪᠢᠰᠢ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠥᠨᠳᠥᠷ ᠪᠢᠰᠢ᠂ ᠰᠢᠢᠳᠪᠦᠷᠢᠲᠦ ᠪᠣᠳᠣᠯᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠬᠤ ᠴᠢᠬᠤᠯᠠᠲᠠᠢ᠂ ᠡᠷᠬᠡ ᠲᠡᠭᠰᠢ ᠪᠠᠷ ᠥᠷᠢᠰᠦᠯᠳᠦᠬᠦ ᠬᠢᠨᠠᠨ ᠪᠠᠶᠢᠴᠠᠭᠠᠯᠲᠠ ᠨᠢ ᠬᠠᠤᠯᠢ ᠴᠠᠭᠠᠵᠠ ᠬᠠᠤᠯᠢ ᠳᠦᠷᠢᠮ ᠤᠨ ᠦᠨᠳᠦᠰᠦᠯᠡᠯ ᠳᠤᠲᠠᠮᠠᠭ ᠵᠡᠷᠭᠡ ᠳᠣᠪᠤᠶᠢᠮ᠎ᠠ ᠠᠰᠠᠭᠤᠳᠠᠯ ᠣᠷᠣᠰᠢᠵᠤ᠂ ᠰᠢᠢᠳᠪᠦᠷᠢᠲᠦ ᠪᠣᠳᠣᠯᠭ᠎ᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠵᠣᠬᠢᠬᠤ ᠬᠡᠮᠵᠢᠶ᠎ᠡ ᠪᠠᠷ ᠨᠥᠯᠥᠭᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠃          ᠭᠤᠷᠪᠠ ᠳᠤ᠂ ᠮᠠᠨ ᠤ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠳᠦᠷᠢᠮ ᠤᠨ ᠪᠠᠶᠢᠭᠤᠯᠤᠯᠲᠠ ᠶᠢ ᠬᠠᠤᠯᠢᠵᠢᠭᠤᠯᠬᠤ ᠠᠵᠢᠯ ᠢ ᠲᠦᠯᠬᠢᠨ ᠠᠬᠢᠭᠤᠯᠬᠤ ᠭᠤᠣᠯ ᠰᠡᠳᠦᠪ ᠪᠣᠯᠤᠨ᠎ᠠ᠃ ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠬᠤᠰᠢᠭᠤ ᠵᠠᠰᠠᠭ ᠤᠨ ᠣᠷᠳᠣᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ᠂ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠬᠤ ᠵᠡᠷᠭᠡ ᠠᠯᠢ ᠣᠯᠠᠨ ᠳᠦᠷᠢᠮ ᠲᠣᠭᠲᠠᠭᠠᠯ ᠤᠨ ᠳᠦᠷᠢᠮᠵᠢᠯ ᠢ ᠤᠷᠢᠳ ᠬᠤᠵᠢᠳ ᠨᠡᠶᠢᠲᠡᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠬᠢᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠦᠢᠯᠡᠳᠦᠯᠭᠡ ᠶᠢᠨ ᠳᠤᠮᠳᠠ ᠪᠦᠲᠦᠮᠵᠢᠲᠡᠢ ᠲᠤᠷᠰᠢᠯᠭ᠎ᠠ ᠬᠤᠷᠠᠮᠳᠤᠭᠤᠯᠵᠠᠢ᠃           ᠬᠤᠶᠠᠷ᠂ 《 ᠲᠣᠭᠲᠠᠭᠠᠯ 》 ᠤᠨ ᠭᠤᠣᠯ ᠠᠭᠤᠯᠭ᠎ᠠ         《 ᠲᠣᠭᠲᠠᠭᠠᠯ 》 ᠳᠤ ᠨᠡᠶᠢᠲᠡ 10 ᠪᠦᠯᠦᠭ᠂ 52 ᠵᠤᠷᠪᠤᠰ ᠲᠣᠭᠲᠠᠭᠠᠯ ᠪᠠᠶᠢᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ 《 ᠳᠦᠷᠢᠮ 》 ᠢ 30 ᠭᠠᠷᠤᠢ ᠭᠠᠵᠠᠷ ᠣᠷᠣᠨ ᠨᠠᠷᠢᠨ ᠲᠣᠭᠲᠠᠭᠠᠭᠰᠠᠨ ᠪᠤᠶᠤ ᠨᠥᠬᠦᠪᠥᠷᠢᠯᠡᠵᠡᠢ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠢ᠄ ᠨᠢᠭᠡ ᠳᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠢᠭᠡ ᠨᠢ ᠰᠠᠨᠠᠯ ᠬᠤᠷᠢᠶᠠᠬᠤ᠂ ᠰᠠᠨᠠᠯ ᠰᠣᠨᠣᠰᠬᠤ᠂ ᠠᠷᠠᠳ ᠤᠨ ᠰᠠᠨᠠᠯ ᠢ ᠪᠠᠶᠢᠴᠠᠭᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠢᠯᠡ ᠪᠣᠯᠭᠠᠬᠤ ᠬᠡᠷᠡᠭᠲᠡᠢ᠃ ᠬᠤᠶᠠᠷ ᠨᠢ ᠰᠠᠨᠠᠯ ᠬᠤᠷᠢᠶᠠᠬᠤ ᠠᠷᠭ᠎ᠠ ᠵᠠᠮ ᠪᠣᠯᠤᠨ ᠠᠷᠭ᠎ᠠ ᠵᠠᠮ ᠢ  ᠨᠠᠷᠢᠯᠢᠭᠵᠢᠭᠤᠯᠤᠨ᠎ᠠ᠃ ᠭᠤᠷᠪᠠ ᠨᠢ ᠭᠡᠷᠡᠴᠢ ᠰᠣᠨᠣᠰᠬᠤ ᠳᠤ ᠣᠷᠣᠯᠴᠠᠬᠤ ᠬᠥᠮᠦᠨ ᠢ ᠰᠢᠯᠢᠨ ᠰᠣᠩᠭᠤᠬᠤ ᠪᠣᠳᠠᠲᠠᠢ ᠠᠷᠭ᠎ᠠ ᠬᠡᠯᠪᠡᠷᠢ ᠶᠢ ᠨᠥᠬᠦᠪᠥᠷᠢᠯᠡᠨ ᠲᠤᠭᠳᠠᠭᠠᠨ᠎ᠠ᠃ ᠳᠥᠷᠪᠡ ᠨᠢ ᠣᠯᠠᠨ ᠨᠡᠶᠢᠲᠡ ᠶᠢᠨ ᠰᠠᠨᠠᠯ ᠢ ᠰᠢᠢᠳᠪᠦᠷᠢᠯᠡᠬᠦ ᠠᠷᠭ᠎ᠠ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠰᠠᠨᠠᠯ ᠢ ᠬᠦᠯᠢᠶᠡᠨ ᠠᠪᠴᠤ ᠬᠡᠷᠡᠭᠯᠡᠭᠰᠡᠨ ᠪᠠᠶᠢᠳᠠᠯ ᠤᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠴᠦ ᠨᠤᠲᠠᠯᠠᠯᠲᠠ ᠬᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠲᠤᠰᠬᠠᠢ ᠮᠡᠷᠭᠡᠵᠢᠯᠲᠡᠨ᠂ ᠲᠤᠰᠬᠠᠢ ᠪᠠᠶᠢᠭᠤᠯᠤᠮᠵᠢ ᠶᠢᠨ ᠦᠨᠳᠦᠰᠦᠨ ᠨᠥᠬᠦᠴᠡᠯ ᠢ ᠲᠣᠭᠲᠠᠭᠠᠵᠤ᠂ ᠨᠤᠲᠠᠯᠠᠯᠲᠠ ᠳᠤ ᠣᠷᠣᠯᠴᠠᠬᠤ ᠲᠤᠰᠬᠠᠢ ᠮᠡᠷᠭᠡᠵᠢᠯᠲᠡᠨ ᠤ ᠲᠤᠭ᠎ᠠ ᠬᠡᠮᠵᠢᠶ᠎ᠡ ᠶᠢ ᠨᠠᠷᠢᠯᠢᠭᠵᠢᠭᠤᠯᠤᠨ ᠳᠤᠷᠠᠳᠤᠨ ᠭᠠᠷᠭᠠᠪᠠ᠃ᠲᠤᠰᠬᠠᠢ ᠮᠡᠷᠭᠡᠵᠢᠯᠲᠡᠨ ᠪᠣᠯᠤᠨ ᠲᠤᠰᠬᠠᠢ ᠪᠠᠶᠢᠭᠤᠯᠤᠮᠵᠢ ᠶᠢᠨ ᠨᠤᠲᠠᠯᠠᠭᠰᠠᠨ ᠰᠠᠨᠠᠯ ᠢ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠢ  ᠨᠢ ᠲᠥᠷᠥᠯ ᠬᠤᠪᠢᠶᠠᠨ ᠡᠮᠬᠢᠯᠡᠵᠦ᠂ ᠰᠤᠳᠤᠯᠤᠨ ᠨᠤᠲᠠᠯᠠᠵᠤ᠂ ᠵᠦᠢ ᠶᠣᠰᠣᠨ ᠤ ᠰᠠᠨᠠᠯ ᠢ ᠭᠦᠢᠴᠡᠳ ᠬᠤᠷᠢᠶᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠰᠠᠨᠠᠯ ᠢᠶᠠᠨ ᠨᠤᠲᠠᠯᠠᠵᠤ ᠬᠠᠷᠢᠭᠤ ᠲᠤᠰᠬᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠭᠤᠷᠪᠠ ᠳᠤ᠂ ᠲᠦᠭᠰᠢᠭᠦᠷᠢ ᠶᠢ ᠦᠨᠡᠯᠡᠨ ᠵᠢᠱᠢᠬᠦ ᠵᠦᠢᠯ ᠤᠨ ᠬᠡᠪᠴᠢᠶ᠎ᠡ ᠶᠢ ᠥᠷᠭᠡᠳᠬᠡᠨ᠎ᠡ᠃ᠣᠯᠠᠨ ᠨᠡᠶᠢᠲᠡ ᠶᠢᠨ ᠠᠰᠢᠭ ᠲᠤᠰᠠ᠂ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠴᠢᠬᠤᠯᠠ ᠥᠭᠡᠷᠡᠴᠢᠯᠡᠯᠲᠡ ᠶᠢᠨ ᠲᠥᠰᠦᠯ ᠵᠡᠷᠭᠡ ᠵᠦᠢᠯᠡᠰ ᠢ ᠲᠣᠭᠲᠠᠭᠠᠬᠤ ᠪᠤᠶᠤ ᠲᠣᠬᠢᠷᠠᠭᠤᠯᠵᠤ᠂ ᠲᠦᠭᠰᠢᠭᠦᠷᠢ ᠶᠢ ᠦᠨᠡᠯᠡᠨ ᠵᠢᠱᠢᠬᠦ ᠴᠢᠬᠤᠯᠠᠲᠠᠢ ᠵᠦᠢᠯᠡᠰ ᠤᠨ ᠬᠡᠪᠴᠢᠶᠡᠨ ᠳᠤ ᠲᠣᠳᠣᠷᠬᠠᠶᠢᠯᠠᠨ ᠣᠷᠣᠭᠤᠯᠵᠤ᠂ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠪᠦᠲᠦᠮᠵᠢᠲᠡᠢ ᠰᠡᠷᠡᠮᠵᠢᠯᠡᠨ᠂ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠳᠥᠷᠪᠡ ᠳᠤ᠂ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠤᠴᠢᠷ ᠶᠠᠪᠤᠳᠠᠯ᠂ ᠬᠢᠨᠠᠨ ᠪᠠᠶᠢᠴᠠᠭᠠᠬᠤ ᠠᠷᠭ᠎ᠠ ᠮᠠᠶ᠋ᠢᠭ ᠪᠣᠯᠤᠨ ᠬᠢᠨᠠᠨ ᠪᠠᠶᠢᠴᠠᠭᠠᠬᠤ ᠠᠭᠤᠯᠭ᠎ᠠ ᠵᠢᠴᠢ ᠬᠢᠨᠠᠨ ᠪᠠᠶᠢᠴᠠᠭᠠᠭᠰᠠᠨ ᠦᠷ᠎ᠡ  ᠳ᠋ᠦᠩ ᠢ ᠰᠢᠢᠳᠪᠦᠷᠢᠯᠡᠬᠦ ᠵᠡᠷᠭᠡ ᠶᠢ ᠨᠥᠬᠦᠪᠥᠷᠢᠯᠡᠨ ᠲᠣᠭᠲᠠᠭᠠᠵᠤ᠂ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠦᠢᠯᠡᠳᠦᠯᠭᠡ ᠶᠢᠨ ᠲᠤᠷᠰᠢᠯᠭ᠎ᠠ ᠶᠢ ᠬᠠᠤᠯᠢᠵᠢᠭᠤᠯᠪᠠ᠃ ᠲᠠᠪᠤ ᠳᠤ᠂ ᠰᠢᠢᠳᠪᠦᠷᠢᠲᠦ ᠪᠣᠳᠣᠯᠭ᠎ᠠ ᠶᠢᠨ ᠠᠯᠳᠠᠭ᠎ᠠ ᠪᠤᠷᠤᠭᠤ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ᠥᠷᠭᠡᠨ ᠣᠯᠠᠨ ᠺᠠᠳ᠋ᠷ ᠤᠨ ᠰᠢᠨ᠎ᠡ ᠴᠠᠭ ᠦᠶ᠎ᠡ ᠶᠢᠨ ᠰᠢᠨ᠎ᠡ ᠬᠠᠷᠢᠭᠤᠴᠠᠯᠭ᠎ᠠ᠂ ᠰᠢᠨ᠎ᠡ ᠠᠵᠢᠯ ᠬᠢᠬᠦ ᠶᠢ ᠵᠣᠷᠢᠭᠵᠢᠭᠤᠯᠬᠤ ᠲᠤᠬᠠᠢ ᠲᠥᠪ ᠬᠤᠷᠢᠶᠠᠨ ᠤ ᠰᠠᠨᠠᠯ ᠵᠢᠴᠢ ᠮᠠᠨ ᠤ ᠬᠤᠰᠢᠭᠤᠨ ᠤ ᠬᠡᠷᠡᠭᠵᠢᠭᠦᠯᠬᠦ ᠰᠠᠨᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠯ᠎ᠠ ᠪᠠᠷ ᠬᠠᠶᠢᠨ ᠰᠦᠪᠡᠭᠴᠢᠯᠡᠬᠦ ᠴᠢᠨᠠᠷᠲᠠᠢ ᠥᠭᠡᠷᠡᠴᠢᠯᠡᠯᠲᠡ ᠶᠢᠨ ᠲᠥᠷᠥᠯ ᠵᠦᠢᠯ ᠳᠤ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠴᠢᠳᠠᠭᠰᠠᠨ ᠥᠬᠡᠢ᠂ ᠭᠡᠪᠡᠴᠦ ᠬᠠᠮᠢᠶ᠎ᠠ ᠪᠦᠬᠦᠢ ᠪᠠᠶᠢᠭᠤᠯᠭ᠎ᠠ ᠪᠠ ᠬᠤᠪᠢ ᠬᠥᠮᠦᠨ ᠲᠣᠭᠲᠠᠭᠰᠠᠨ ᠳᠡᠰ ᠳᠠᠷᠠᠭᠠᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠨ᠂ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠬᠤᠪᠢ ᠶᠢᠨ ᠠᠰᠢᠭ ᠣᠯᠤᠭᠰᠠᠨ ᠥᠬᠡᠢ ᠪᠣᠯ᠂ ᠨᠠᠵᠠᠭᠠᠢ ᠦᠨᠡᠯᠡᠯᠲᠡ ᠬᠢᠬᠦ ᠥᠬᠡᠢ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠡᠯᠲᠦᠷᠢᠭᠦᠯᠬᠦ ᠪᠤᠶᠤ ᠬᠥᠩᠭᠡᠷᠡᠭᠦᠯᠬᠦ ᠬᠡᠷᠡᠭᠲᠡᠢ᠃             ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ          ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠨᠠᠷᠢᠨ ᠬᠢᠨᠠᠮᠠᠭᠠᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠵᠠᠭᠤᠴᠢᠯᠠᠭᠤᠷ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯ ᠢ ᠰᠠᠶᠢᠲᠤᠷ ᠬᠢᠨ᠎ᠡ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠠᠷᠭ᠎ᠠ ᠵᠠᠮ ᠢᠶᠠᠷ ᠭᠦᠨᠵᠡᠭᠡᠢ ᠤᠬᠠᠭᠤᠯᠵᠤ᠂ ᠤᠩᠰᠢᠨ ᠲᠠᠶᠢᠯᠪᠦᠷᠢᠯᠠᠬᠤ ᠶᠢ ᠥᠷᠨᠢᠭᠦᠯᠪᠡ᠃ ᠬᠤᠶᠠᠷ ᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠠᠯ᠎ᠠ ᠪᠠᠷ ᠳᠦᠷᠢᠮ ᠲᠣᠭᠲᠠᠭᠠᠯ ᠢ ᠢᠯᠭᠠᠷᠠᠭᠤᠯᠬᠤ ᠶᠢ ᠵᠢᠯᠣᠭᠤᠳᠴᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠳᠤ ᠲᠣᠭᠲᠠᠭᠠᠭᠰᠠᠨ ᠲᠣᠭᠳᠠᠭᠠᠯ ᠢ ᠥᠭᠡᠷᠡᠴᠢᠯᠡᠬᠦ ᠬᠦᠴᠦᠨ ᠥᠬᠡᠢ ᠪᠣᠯᠭᠠᠬᠤ ᠠᠵᠢᠯ ᠢ ᠰᠠᠶᠢᠲᠤᠷ ᠬᠢᠨ᠎ᠡ᠃ ᠭᠤᠷᠪᠠ ᠳᠤ᠂ ᠲᠥᠬᠦᠷ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠬᠠᠮᠢᠶ᠎ᠠ ᠪᠥᠬᠦᠢ ᠳᠦᠷᠢᠮ ᠲᠣᠭᠲᠠᠭᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ 《 ᠲᠣᠭᠲᠠᠭᠠᠯ 》 ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2