ᠤᠯᠠᠭᠠᠨᠴᠠᠪ ᠬᠤᠲᠠ ᠶᠢᠨ ᠰᠥᠭᠡᠷᠭᠦ ᠲᠦᠢᠯᠳᠤ ᠮᠠᠲ᠋ᠧᠷᠢᠶᠠᠯ ᠤᠨ ᠠᠵᠢᠯ ᠲᠥᠷᠥᠯ ᠤᠨ 《 ᠳᠥᠷᠪᠡᠨ ᠳᠡᠰ ᠲᠠᠪᠰᠢᠬᠦ ᠠᠵᠢᠯᠯᠠᠭ᠎ᠠ 》 ᠶᠢᠨ ᠠᠵᠢᠯ ᠤᠨ ᠲᠥᠰᠦᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/5
ᠤᠯᠠᠭᠠᠨᠴᠠᠪ ᠬᠤᠲᠠ ᠶᠢᠨ ᠰᠥᠭᠡᠷᠭᠦ ᠲᠦᠢᠯᠳᠤ ᠮᠠᠲ᠋ᠧᠷᠢᠶᠠᠯ ᠤᠨ ᠠᠵᠢᠯ ᠲᠥᠷᠥᠯ ᠤᠨ 《 ᠳᠥᠷᠪᠡᠨ ᠳᠡᠰ ᠲᠠᠪᠰᠢᠬᠦ ᠠᠵᠢᠯᠯᠠᠭ᠎ᠠ 》 ᠶᠢᠨ ᠠᠵᠢᠯ ᠤᠨ ᠲᠥᠰᠦᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ           ᠨᠢᠭᠡ᠂ ᠠᠬᠤᠢ ᠪᠠᠶᠢᠳᠠᠯ ᠢ ᠲᠣᠭᠲᠠᠭᠠᠬᠤ        ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠤ ᠦᠢᠯᠡᠰ ᠤᠨ ᠪᠦᠲᠦᠴᠡ ᠶᠢᠨ ᠳᠡᠰ ᠲᠠᠪᠰᠢᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠨᠠᠵᠠᠭᠠᠢ ᠮᠠᠲ᠋ᠧᠷᠢᠶᠠᠯ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠥᠭᠡᠷᠭᠦ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠠᠵᠤ ᠦᠢᠯᠡᠰ ᠤᠨ ᠬᠡᠯᠬᠢᠶ᠎ᠡ ᠣᠬᠤᠷ᠂ ᠠᠵᠢᠯ ᠤᠨ ᠳᠡᠰ ᠳᠠᠷᠠᠭᠠᠯᠠᠯ ᠢᠵᠢ ᠪᠦᠷᠢᠳᠦᠭᠡᠳᠦᠢ ᠵᠡᠷᠭᠡ ᠠᠰᠠᠭᠤᠳᠠᠯ ᠳᠤ ᠴᠢᠭᠯᠡᠭᠦᠯᠦᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 《 ᠤᠯᠠᠭᠠᠨᠴᠠᠪ ᠬᠤᠲᠠ ᠶᠢᠨ ᠰᠥᠭᠡᠷᠭᠦ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ 《 ᠳᠥᠷᠪᠡᠨ ᠳᠡᠰ ᠳᠡᠪᠰᠢᠬᠦ ᠠᠵᠢᠯᠯᠠᠭ᠎ᠠ 》 ᠶᠢᠨ ᠠᠵᠢᠯ ᠤᠨ ᠲᠥᠰᠦᠯ 》 ( ᠳᠣᠷᠣᠭᠰᠢ 《 ᠲᠥᠰᠦᠯ 》 ᠭᠡᠵᠦ ᠲᠣᠪᠴᠢᠯᠠᠨ᠎ᠠ ) ᠶᠢ ᠣᠨᠴᠠᠭᠠᠶᠢᠯᠠᠨ ᠲᠣᠭᠲᠠᠭᠠᠵᠤ᠂ 《 ᠲᠥᠰᠦᠯ 》 ᠢ ᠲᠤᠭᠤᠷᠪᠢᠨ ᠪᠢᠴᠢᠬᠦ ᠶᠠᠪᠤᠴᠠ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠵᠠᠷ ᠣᠷᠣᠨ ᠪᠠ ᠠᠵᠤ ᠠᠬᠤᠶᠢᠯᠠᠯ ᠤᠨ ᠰᠠᠨᠠᠯ ᠢ ᠭᠦᠢᠴᠡᠳ ᠬᠤᠷᠢᠶᠠᠭᠰᠠᠨ ᠪᠠᠶᠢᠨ᠎ᠠ᠃          ᠬᠤᠶᠠᠷ᠂ ᠭᠤᠣᠯ ᠠᠭᠤᠯᠭ᠎ᠠ        ᠨᠢᠭᠡ ᠳᠤ᠂ ᠪᠦᠬᠦ ᠠᠵᠢᠯ ᠤᠨ ᠳᠡᠰ ᠳᠠᠷᠠᠭᠠᠯᠠᠯ ᠨᠢ ᠲᠠᠰᠤᠷᠠᠯᠲᠠ ᠦᠭᠡᠢ ᠳᠡᠰ ᠳᠡᠪᠰᠢᠬᠦ ᠶᠢ ᠬᠡᠷᠡᠭᠵᠢᠭᠦᠯᠦᠨ᠎ᠡ᠃ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠢ ᠱᠠᠭᠠᠷᠳᠠᠵᠤ ᠪᠠᠶᠢᠭᠠᠳ ᠳᠠᠩ ᠭᠠᠭᠴᠠ ᠪᠠᠯ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠳᠠᠬᠢᠵᠤ ᠬᠢᠨᠠᠨ ᠵᠥᠪᠰᠢᠶᠡᠷᠡᠬᠦ ᠦᠭᠡᠢ᠂ ᠨᠠᠵᠠᠭᠠᠢ ᠮᠠᠲ᠋ᠧᠷᠢᠶᠠᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠣᠯᠣᠨ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠳᠤ ᠳᠠᠩᠰᠠᠯᠠᠭᠤᠯᠬᠤ᠂ ᠠᠶᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠣᠳᠣ ᠪᠠᠶᠢᠭ᠎ᠠ ᠠᠵᠤ ᠠᠬᠤᠶᠢᠯᠠᠯ ᠤᠨ ᠪᠦᠬᠦ ᠠᠵᠢᠯ ᠤᠨ ᠳᠠᠷᠠᠭᠠᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠳᠣ ᠪᠠᠶᠢᠭ᠎ᠠ ᠰᠥᠭᠡᠷᠭᠦ ᠲᠦᠢᠯ ᠤᠨ ᠮᠠᠲ᠋ᠧᠷᠢᠶᠠᠯ ᠤᠨ ᠠᠵᠤ ᠠᠬᠤᠶᠢᠯᠠᠯ ᠵᠠᠷᠴᠢᠮ ᠳᠡᠭᠡᠷ᠎ᠡ ᠪᠠᠨ 2023 ᠣᠨ ᠤ ᠡᠴᠣᠰ ᠠᠴᠠ ᠡᠮᠦᠨ᠎ᠡ ᠪᠦᠬᠦ ᠠᠵᠢᠯ ᠤᠨ ᠳᠠᠷᠠᠭᠠᠯᠠᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠦᠬᠦ ᠠᠵᠢᠯ ᠤᠨ ᠳᠠᠷᠠᠭᠠᠯᠠᠯ ᠨᠢ 2024 ᠣᠨ ᠤ ᠡᠴᠣᠰ ᠠᠴᠠ ᠡᠮᠦᠨ᠎ᠡ ᠦᠢᠯᠡᠳᠪᠦᠷᠢᠯᠡᠯ ᠤᠨ ᠴᠢᠳᠠᠪᠤᠷᠢ ᠶᠢᠨ ᠲᠣᠬᠢᠷᠠᠭᠤᠯᠤᠯᠲᠠ ᠶᠢ ᠪᠡᠶᠡᠯᠡᠭᠦᠯᠬᠦ ᠬᠡᠷᠡᠭᠲᠡᠢ᠃ᠬᠡᠪᠴᠢᠶ᠎ᠡ ᠨᠢ ᠪᠠᠭ᠎ᠠ᠂ ᠢᠵᠢ ᠪᠦᠷᠢᠳᠦᠭᠦᠯᠬᠦ ᠨᠢ ᠪᠦᠷᠢᠨ ᠠᠵᠢᠯ ᠤᠨ ᠳᠠᠷᠠᠭᠠᠯᠠᠯ ᠢ ᠪᠦᠷᠢᠳᠦᠭᠦᠯᠦᠭᠡᠳᠦᠢ ᠪᠤᠶᠤ ᠡᠯ᠎ᠡ ᠠᠵᠢᠯ ᠤᠨ ᠳᠠᠷᠠᠭᠠᠯᠠᠯ ᠤᠨ ᠦᠢᠯᠡᠳᠪᠦᠷᠢᠯᠡᠬᠦ ᠴᠢᠳᠠᠪᠤᠷᠢ ᠨᠢ ᠦᠯᠦ ᠠᠪᠴᠠᠯᠳᠤᠬᠤ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠪᠤᠶᠤ ᠬᠤᠲᠠ ᠶᠢᠨ ᠳᠣᠲᠣᠷᠠᠬᠢ ᠠᠵᠤ ᠠᠬᠤᠶᠢᠯᠠᠯ ᠬᠤᠭᠤᠷᠣᠨᠳᠣ ᠪᠠᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦ ᠠᠵᠢᠯ ᠤᠨ ᠳᠠᠷᠠᠭᠠᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠢᠵᠢ ᠪᠦᠷᠢᠳᠦᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠦᠬᠦ ᠠᠵᠤ ᠦᠢᠯᠡᠰ ᠤᠨ ᠬᠡᠯᠬᠢᠶᠡᠵᠢᠯ ᠤᠨ ᠳᠡᠰ ᠲᠠᠪᠰᠢᠯᠲᠠ ᠶᠢ ᠬᠡᠷᠡᠭᠵᠢᠭᠦᠯᠦᠨ᠎ᠡ᠃ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠥᠭᠡᠷᠭᠦ ᠮᠠᠲ᠋ᠧᠷᠢᠶᠠᠯ ᠢ ᠬᠠᠷᠢᠭᠤᠴᠠᠬᠤ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ ᠪᠥᠬᠦ ᠬᠤᠲᠠ ᠶᠢᠨ ᠰᠥᠭᠡᠷᠭᠦ ᠮᠠᠲ᠋ᠧᠷᠢᠶᠠᠯ ᠢ ᠬᠠᠩᠭᠠᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ᠡᠭᠦᠨ ᠤ ᠬᠠᠮᠲᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠤᠯᠪᠣᠭᠠᠯᠠᠵᠤ ᠳᠠᠬᠢᠨ ᠵᠣᠬᠢᠶᠠᠨ ᠪᠠᠶᠢᠭᠤᠯᠬᠤ ᠪᠤᠶᠤ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠥᠭᠡᠷᠭᠦ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ 《 ᠰᠢᠯᠢᠳᠡᠭ ᠢ ᠲᠡᠳᠬᠦᠵᠦ ᠰᠢᠭᠠᠷᠤ ᠶᠢ ᠨᠢ ᠰᠢᠯᠢᠭᠳᠡᠭᠦᠯᠬᠦ 》 ᠡᠷᠴᠢᠮ ᠢ ᠨᠡᠮᠡᠭᠳᠡᠭᠦᠯᠵᠦ᠂ ᠳᠣᠣᠷ᠎ᠠ ᠦᠷ᠎ᠡ ᠪᠦᠲᠦᠮᠵᠢᠲᠡᠢ ᠰᠥᠭᠡᠷᠭᠦ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠤᠴᠠᠭᠠᠨ ᠭᠠᠷᠭᠠᠵᠤ᠂ 《 ᠰᠤᠯᠠᠯᠠᠵᠤ ᠨᠤᠭᠤᠯᠬᠤ ᠰᠢᠪᠠᠭᠤ ᠰᠣᠯᠢᠬᠤ 》 ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠲᠣᠭᠠᠴᠢᠯᠠᠭᠰᠠᠨ ᠬᠡᠷᠡᠭᠴᠡᠭᠡ ᠶᠢ ᠬᠠᠩᠭᠠᠵᠤ ᠳᠡᠰ ᠳᠡᠪᠰᠢᠭᠦᠯᠦᠨ᠎ᠡ᠃ᠲᠣᠭᠠᠵᠢᠭᠤᠯᠤᠭᠰᠠᠨ ᠰᠠᠭᠤᠷᠢ ᠶᠢ ᠪᠠᠬᠢᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠷᠠᠨ ᠳᠠᠷᠬ᠎ᠠ ᠲᠣᠨᠤᠭ ᠲᠥᠬᠦᠭᠡᠷᠦᠮᠵᠢ ᠶᠢᠨ ᠲᠣᠭᠠᠵᠢᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠢᠯᠡᠳᠪᠦᠷᠢᠯᠡᠯ ᠤᠨ ᠱᠤᠭᠤᠮ ᠤᠨ ᠣᠶᠤᠨᠲᠤ ᠲᠥᠬᠦᠭᠡᠷᠦᠮᠵᠢ ᠲᠣᠨᠣᠭᠯᠠᠯ ᠤᠨ ᠨᠣᠷᠮ᠎ᠠ ᠪᠣᠯᠤᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ ᠃ ᠡᠭᠦᠨ ᠤ ᠬᠠᠮᠲᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠦᠬᠦ ᠶᠠᠪᠤᠴᠠ ᠶᠢ ᠲᠣᠭᠠᠴᠢᠯᠠᠬᠤ᠂ ᠣᠶᠤᠨᠴᠢᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠲᠠᠮᠵᠢᠨ᠂ ᠤᠷᠠᠨ ᠳᠠᠷᠬ᠎ᠠ ᠶᠢ ᠰᠢᠯᠢᠳᠡᠭᠵᠢᠭᠦᠯᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠶᠤᠯ ᠥᠬᠡᠢ ᠦᠢᠯᠡᠳᠪᠦᠷᠢᠯᠡᠬᠦ ᠶᠢ ᠪᠡᠶᠡᠯᠡᠭᠦᠯᠦᠨ᠎ᠡ᠃ ᠳᠥᠷᠪᠡ ᠳᠤ᠂ ᠨᠣᠭᠤᠭᠠᠨ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠵᠦ ᠳᠡᠰ ᠳᠡᠪᠰᠢᠭᠦᠯᠦᠨ᠎ᠡ᠃ᠴᠡᠪᠡᠷ ᠡᠨᠧᠷᠭᠢ ᠶᠢᠨ ᠬᠠᠷᠢᠴᠠᠯ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠪᠣᠯᠤᠨ ᠬᠤᠪᠢᠶᠠᠷᠢᠯᠠᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠦᠭᠡᠢ ᠡᠨᠧᠷᠭᠢ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠪᠥᠬᠦ ᠬᠤᠲᠠ ᠶᠢᠨ ᠰᠥᠭᠡᠷᠭᠦ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠵᠤ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠮᠡᠷᠭᠡᠵᠢᠯ ᠤᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂ ᠲᠡᠷᠢᠭᠦᠨ ᠤ ᠡᠨᠧᠷᠭᠢ ᠠᠷᠪᠢᠯᠠᠬᠤ ᠮᠡᠷᠭᠡᠵᠢᠯ ᠪᠠ ᠲᠥᠬᠦᠭᠡᠷᠦᠮᠵᠢ ᠶᠢᠨ ᠬᠡᠷᠡᠭᠯᠡᠯᠲᠡ ᠶᠢ ᠳᠡᠯᠭᠡᠷᠡᠭᠦᠯᠦᠨ᠎ᠡ᠃              ᠭᠤᠷᠪᠠ᠂ ᠬᠡᠷᠡᠭᠵᠢᠭᠦᠯᠬᠦ ᠠᠴᠢ ᠬᠤᠯᠪᠣᠭᠳᠠᠯ           《 ᠲᠥᠰᠦᠯ 》 ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠨᠠᠵᠠᠭᠠᠢ ᠮᠠᠲ᠋ᠧᠷᠢᠶᠠᠯ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠰᠥᠭᠡᠷᠭᠦ ᠮᠠᠲ᠋ᠧᠷᠢᠶᠠᠯ ᠠᠵᠢᠯ ᠲᠥᠷᠥᠯ ᠤᠨ ᠠᠵᠤ ᠠᠬᠤᠢ ᠶᠢᠨ ᠪᠦᠲᠦᠴᠡ ᠶᠢᠨ ᠳᠡᠰ ᠳᠡᠪᠰᠢᠬᠦ ᠶᠢ ᠴᠢᠷᠮᠠᠶᠢᠨ ᠠᠬᠢᠭᠤᠯᠵᠤ᠂ ᠨᠠᠵᠠᠭᠠᠢ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠩᠭᠦᠢ ᠬᠥᠭᠵᠢᠯᠲᠡ ᠶᠢᠨ ᠠᠮᠢ ᠠᠬᠤᠢ ᠶᠢᠨ ᠴᠠᠭᠠᠷᠢᠭ ᠢ ᠪᠣᠢ ᠪᠣᠯᠭᠠᠬᠤ ᠶᠢ ᠠᠬᠢᠭᠤᠯᠵᠤ᠂ ᠨᠠᠵᠠᠭᠠᠢ ᠮᠠᠲ᠋ᠧᠷᠢᠶᠠᠯ ᠤᠨ ᠠᠵᠢᠯ ᠲᠥᠷᠥᠯ ᠢ ᠣᠷᠣᠨ ᠪᠦᠰᠡ ᠶᠢᠨ ᠠᠵᠤ ᠠᠬᠤᠢ ᠶᠢᠨ 《 ᠰᠢᠨ᠎ᠡ ᠲᠤᠯᠭᠠᠭᠤᠷᠢ 》 ᠪᠣᠯᠭᠠᠬᠤ ᠶᠢ ᠲᠦᠷᠭᠡᠳᠬᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2