《 ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠥᠪᠵᠢᠭᠦᠯᠭᠡ ( 2021 ︱ 2025 ᠣᠨ ) 》 ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/5
《 ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠥᠪᠵᠢᠭᠦᠯᠭᠡ ( 2021 ︱ 2025 ᠣᠨ ) 》 ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ         ᠨᠢᠭᠡ᠂ ᠣᠷᠣᠨ ᠲᠤᠭ᠎ᠠ ᠶᠢᠨ ᠠᠬᠤᠢ ᠪᠠᠶᠢᠳᠠᠯ         ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠵᠢᠴᠢ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ 》 ( 2013 ᠣᠨ ) ᠤ ᠠᠷᠪᠠᠨ ᠳᠣᠯᠣᠳᠤᠭᠠᠷ ᠵᠦᠢᠯ᠄ ᠣᠯᠣᠰ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠳᠤ ᠨᠢᠭᠡᠳᠦᠯᠲᠡᠢ ᠲᠥᠯᠥᠪᠵᠢᠭᠦᠯᠭᠡ ᠶᠢᠨ ᠳᠦᠷᠢᠮ ᠢ ᠬᠡᠷᠡᠭᠵᠢᠭᠦᠯᠦᠨ᠎ᠡ᠃ ᠰᠢᠶᠠᠨ ᠤ ᠱᠠᠳᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠳᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠳᠡᠭᠡᠷ᠎ᠡ ᠨᠢᠭᠡ ᠱᠠᠳᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠵᠤ ᠠᠰᠢᠭᠯᠠᠬᠤ ᠶᠢ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢ ᠲᠠᠢ ᠪᠠᠷ ᠬᠥᠭᠵᠢᠭᠦᠯᠬᠦ ᠶᠢᠨ ᠲᠤᠰᠠᠳᠠ᠂ ᠤᠯᠤᠰ ᠤᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠣᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠵᠤ ᠬᠥᠭᠵᠢᠭᠦᠯᠬᠦ ᠲᠥᠯᠥᠪᠵᠢᠭᠦᠯᠭᠡ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤ ᠣᠢ ᠰᠢᠭᠤᠢ ᠪᠣᠯᠤᠨ ᠨᠤᠲᠤᠭ ᠪᠡᠯᠴᠢᠭᠡᠷ ᠢ ᠬᠠᠮᠠᠭᠠᠯᠠᠵᠤ ᠬᠥᠭᠵᠢᠭᠦᠯᠬᠦ ᠲᠥᠯᠥᠪᠵᠢᠭᠦᠯᠭᠡ 》 ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ᠣᠯᠠᠨ ᠤᠳᠠᠭ᠎ᠠ ᠰᠤᠳᠤᠯᠤᠨ ᠶᠠᠷᠢᠯᠴᠠᠵᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ 《 ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠵᠤ ᠠᠰᠢᠭᠯᠠᠬᠤ ᠲᠥᠯᠥᠪᠵᠢᠭᠦᠯᠭᠡ ( 2021 ︱ 2025 ᠣᠨ ) 》 ᠶᠢ ᠨᠠᠶᠢᠷᠠᠭᠤᠯᠤᠨ ᠵᠣᠬᠢᠶᠠᠪᠠ᠃             ᠬᠤᠶᠠᠷ᠂ ᠭᠤᠣᠯ ᠠᠭᠤᠯᠭ᠎ᠠ           《 ᠲᠦᠯᠦᠪᠵᠢᠭᠦᠯᠭᠡ 》 ᠨᠢ ᠨᠡᠶᠢᠲᠡ 5 ᠪᠦᠯᠦᠭ 21 ᠬᠡᠰᠡᠭ᠃ ᠨᠢᠭᠡ ᠳᠤ ᠠᠮᠢ ᠠᠬᠤᠢ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠣᠳᠣᠬᠢ ᠪᠠᠶᠢᠳᠠᠯ ᠢ ᠵᠠᠳᠠᠯᠤᠨ᠎ᠠ᠃ ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠠᠮᠢ ᠠᠬᠤᠢ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠣᠳᠣᠬᠢ ᠪᠠᠶᠢᠳᠠᠯ ᠢ ᠵᠠᠳᠠᠯᠬᠤ ᠪᠠᠷ ᠳᠠᠮᠵᠢᠨ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠠ ᠠᠵᠠ ᠲᠣᠬᠢᠶᠠᠯ ᠢ ᠳᠤᠷᠠᠳᠪᠠ᠃ ᠬᠤᠶᠠᠷ ᠲᠤ᠂ ᠶᠡᠷᠦᠩᠬᠡᠢ ᠰᠡᠳᠬᠢᠮᠵᠢ ᠶᠢ ᠲᠣᠳᠣᠷᠬᠠᠢ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ 2025 ᠣᠨ ᠪᠣᠯᠲᠠᠯ᠎ᠠ᠂ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 37% ᠳᠤ ᠲᠣᠭᠲᠠᠪᠤᠷᠢᠵᠢᠭᠤᠯᠤᠨ᠎ᠠ᠃ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠭᠰᠠᠨ ᠲᠠᠯᠠᠪᠠᠢ 173 ᠲᠦᠮᠡᠨ ᠮᠦ ᠰᠢᠨ᠎ᠡ ᠪᠠᠷ ᠨᠡᠮᠡᠭᠳᠡᠪᠡ ᠃ ᠰᠢᠨ᠎ᠡ  ᠪᠠᠷ ᠨᠡᠮᠡᠭᠳᠡᠭᠰᠡᠨ ᠮᠠᠭᠤᠵᠢᠷᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠠᠯᠠᠪᠠᠢ ᠶᠢ 75 ᠲᠦᠮᠡᠨ ᠮᠦ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠭᠠᠮᠰᠢᠭᠳᠠᠭᠰᠠᠨ ᠨᠣᠷᠮ᠎ᠠ ᠶᠢ 3‰ ᠳᠤ ᠬᠦᠷᠲᠡᠯ᠎ᠡ ᠪᠠᠭᠤᠷᠠᠭᠤᠯᠤᠨ᠎ᠠ᠃ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠪᠣᠯᠬᠤ ᠨᠣᠷᠮ᠎ᠠ ᠶᠢ 10% ᠤ ᠳᠣᠲᠣᠷ᠎ᠠ ᠬᠢᠵᠠᠭᠠᠷᠯᠠᠬᠤ ᠬᠡᠷᠡᠭᠲᠡᠢ᠃ ᠨᠤᠲᠤᠭ ᠪᠡᠯᠴᠢᠭᠡᠷ ᠤᠨ ᠬᠤᠣᠷᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠦᠨ᠎ᠡ᠃ ᠭᠤᠷᠪᠠ ᠳᠤ᠂ ᠲᠥᠯᠥᠪᠵᠢᠭᠦᠯᠦᠨ ᠪᠠᠶᠢᠷᠢᠰᠢᠭᠤᠯᠬᠤ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠠᠭᠤᠯᠭ᠎ᠠ ᠶᠢ ᠳᠤᠷᠠᠳᠤᠨ᠎ᠠ᠃《 ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤ ᠣᠢ ᠰᠢᠭᠤᠢ ᠪᠣᠯᠤᠨ ᠨᠤᠲᠤᠭ ᠪᠡᠯᠴᠢᠭᠡᠷ ᠢ ᠬᠠᠮᠠᠭᠠᠯᠠᠵᠤ ᠬᠥᠭᠵᠢᠭᠦᠯᠬᠦ ᠲᠥᠯᠥᠪᠵᠢᠭᠦᠯᠭᠡ 》 ᠳᠠᠬᠢ 《 ᠨᠢᠭᠡᠳᠦᠭᠡᠷ ᠹᠷᠣᠨᠲ ᠨᠢᠭᠡ ᠪᠦᠰᠡ ᠭᠤᠷᠪᠠᠨ ᠣᠷᠣᠨ 》 ᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠬᠥᠭᠵᠢᠭᠦᠯᠬᠦ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ 《 ᠨᠢᠭᠡ ᠪᠦᠰᠡ ᠬᠤᠶᠠᠷ ᠣᠷᠣᠨ 》  ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠵᠤ ᠬᠥᠭᠵᠢᠭᠦᠯᠬᠦ ᠰᠢᠨ᠎ᠡ ᠪᠠᠶᠢᠷᠢᠰᠢᠯ ᠢ ᠲᠣᠭᠲᠠᠭᠠᠵᠠᠢ᠃ ᠨᠢᠭᠡ ᠪᠦᠰᠡ ᠭᠡᠳᠡᠭ ᠨᠢ ᠤᠮᠠᠷᠠᠲᠤ ᠶᠢᠨ ᠡᠯᠡᠰᠦ ᠰᠡᠷᠭᠡᠶᠢᠯᠡᠬᠦ ᠪᠦᠰᠡ ᠶᠢ ᠵᠢᠭᠠᠵᠤ ᠪᠣᠢ᠂ ᠬᠤᠶᠠᠷ ᠣᠷᠣᠨ ᠨᠢ ᠮᠤᠨᠢ ᠠᠭᠤᠯᠠ ᠶᠢᠨ ᠠᠷᠤ ᠬᠤᠷᠮᠣᠢ ᠮᠠᠯᠵᠢᠬᠤ ᠣᠷᠣᠨ ᠵᠢᠴᠢ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠣᠷᠣᠨ ᠪᠣᠯᠤᠨ ᠮᠤᠨᠢ ᠠᠭᠤᠯᠠ ᠶᠢᠨ ᠡᠮᠦᠨ᠎ᠡ ᠬᠤᠷᠮᠣᠢ ᠶᠢᠨ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠣᠷᠣᠨ ᠢ ᠵᠢᠭᠠᠵᠤ ᠪᠣᠢ᠃ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠪᠡᠰᠦᠨ ᠤ ᠠᠵᠤ ᠦᠢᠯᠡᠰ᠂ ᠲᠤᠯᠭᠠᠭᠤᠷᠢᠯᠠᠵᠤ ᠪᠠᠲᠤᠯᠠᠬᠤ ᠭᠤᠷᠪᠠᠨ ᠶᠡᠭᠡ ᠰᠢᠰᠲ᠋ᠧᠮᠵᠢ ᠶᠢᠨ ᠲᠣᠭᠤᠷᠢᠨ ᠳᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠵᠤ ᠠᠰᠢᠭᠯᠠᠬᠤ ᠪᠠᠷ ᠭᠤᠣᠯᠳᠠᠯᠭ᠎ᠠ ᠪᠣᠯᠭᠠᠨ᠎ᠠ᠃ ᠳᠥᠷᠪᠡ ᠳᠤ᠂ ᠴᠢᠬᠤᠯᠠ ᠶᠡᠭᠡ ᠢᠨᠵᠧᠨᠧᠷᠢᠩ ᠪᠣᠯᠤᠨ ᠲᠥᠷᠥᠯ ᠵᠦᠢᠯ ᠢ ᠬᠡᠷᠡᠭᠵᠢᠭᠦᠯᠪᠡ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠰᠢᠰᠲ᠋ᠧᠮᠵᠢ ᠶᠢᠨ ᠪᠠᠶᠢᠭᠤᠯᠤᠯᠲᠠ ᠳᠤ 7 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠨᠤᠲᠤᠭ ᠪᠡᠯᠴᠢᠭᠡᠷ ᠤᠨ ᠠᠮᠢ ᠠᠬᠤᠢ ᠶᠢ ᠲᠤᠰᠠᠯᠠᠵᠤ ᠱᠠᠩᠨᠠᠬᠤ ᠲᠥᠷᠥᠯ ᠵᠦᠢᠯ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠮᠠᠭᠠᠯᠠᠬᠤ ᠪᠠ ᠰᠡᠯᠪᠢᠨ ᠰᠡᠷᠭᠦᠭᠡᠬᠦ ᠢᠨᠵᠧᠨᠧᠷᠢᠩ᠂ ᠡᠯᠡᠰᠦᠷᠬᠡᠭᠵᠢᠯ᠂ ᠮᠠᠭᠤᠵᠢᠷᠠᠭᠰᠠᠨ ᠨᠤᠲᠤᠭ ᠪᠡᠯᠴᠢᠭᠡᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠢᠨᠵᠧᠨᠧᠷᠢᠩ᠂ ᠮᠠᠭᠤᠵᠢᠷᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ᠂ ᠠᠭᠤᠷᠬᠠᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠢᠨᠵᠧᠨᠧᠷᠢᠩ ᠵᠡᠷᠭᠡ ᠪᠣᠯᠤᠨ᠎ᠠ᠃ ᠡᠪᠡᠰᠦᠨ ᠤ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠨᠢ ᠴᠢᠬᠤᠯᠠ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠲᠥᠪᠯᠡᠷᠡᠨ ᠬᠥᠭᠵᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠡᠪᠴᠢᠶᠡᠵᠢᠭᠰᠡᠨ ᠡᠷᠴᠢᠮᠵᠢᠭᠦᠯᠦᠭᠰᠡᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠶᠢ ᠶᠡᠬᠡᠪᠡᠷ ᠪᠤᠶᠢᠵᠢᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠪᠠᠲᠤᠯᠠᠬᠤ ᠰᠢᠰᠲ᠋ᠧᠮᠵᠢ ᠶᠢᠨ ᠪᠠᠶᠢᠭᠤᠯᠤᠯᠲᠠ ᠨᠢ ᠲᠠᠯ᠎ᠠ ᠨᠤᠲᠤᠭ ᠤᠨ ᠡᠬᠢ ᠪᠠᠶᠠᠯᠢᠭ ᠢ ᠬᠢᠨᠠᠨ ᠬᠡᠮᠵᠢᠬᠦ ᠮᠡᠷᠭᠡᠵᠢᠯ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠬᠢᠭᠡᠳ ᠰᠡᠷᠭᠦᠭᠡᠬᠦ ᠢᠨᠵᠧᠨᠧᠷᠢᠩ ᠤᠨ ᠦᠷ᠎ᠡ ᠠᠰᠢᠭ ᠢ ᠦᠨᠡᠯᠡᠬᠦ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ᠂ ᠲᠠᠯ᠎ᠠ ᠨᠤᠲᠤᠭ ᠤᠨ ᠬᠥᠨᠥᠭᠡᠯᠲᠦ ᠠᠮᠢᠳᠤ ᠪᠣᠳᠠᠰ ᠢ ᠬᠢᠨᠠᠨ ᠬᠡᠮᠵᠢᠵᠦ ᠰᠡᠷᠡᠮᠵᠢᠯᠡᠭᠦᠯᠬᠦ ᠬᠢᠭᠡᠳ ᠰᠡᠷᠭᠡᠶᠢᠯᠡᠨ ᠡᠵᠡᠮᠳᠡᠬᠦ᠂ ᠲᠠᠯ᠎ᠠ ᠨᠤᠲᠤᠭ ᠤᠨ ᠭᠠᠯ ᠰᠡᠷᠭᠡᠶᠢᠯᠡᠬᠦ ᠰᠢᠰᠲ᠋ᠧᠮ᠂ ᠬᠢᠨᠠᠨ ᠬᠠᠮᠢᠶᠠᠷᠬᠤ ᠬᠢᠭᠡᠳ ᠬᠠᠤᠯᠢ ᠬᠡᠷᠡᠭᠵᠢᠭᠦᠯᠬᠦ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠳᠣᠯᠣᠭᠠᠨ ᠶᠡᠭᠡ ᠰᠢᠰᠲ᠋ᠧᠮᠵᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠎ᠠ᠃ ᠲᠠᠪᠤ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ᠵᠣᠬᠢᠶᠠᠨ ᠪᠠᠶᠢᠭᠤᠯᠤᠯᠲᠠ᠂ ᠬᠠᠤᠯᠢ ᠪᠠᠷ ᠵᠠᠰᠠᠬᠤ᠂ ᠳᠦᠷᠢᠮ᠂ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ᠂ ᠢᠨᠵᠧᠨᠧᠷᠢᠩ ᠤᠨ ᠬᠠᠮᠢᠶᠠᠷᠤᠯᠲᠠ᠂ ᠠᠮᠢ ᠠᠬᠤᠢ ᠶᠢᠨ ᠠᠵᠤ ᠦᠢᠯᠡᠰ ᠤᠨ ᠵᠠᠯᠭᠠᠮᠵᠢ ᠬᠡᠯᠬᠢᠶ᠎ᠡ ᠵᠡᠷᠭᠡ ᠤ 7 ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃               ᠭᠤᠷᠪᠠ᠂ ᠭᠤᠣᠯ ᠪᠣᠯᠬᠤ ᠨᠥᠯᠥᠭᠡ           ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠬᠤᠲᠠ ᠶᠢᠨ ᠨᠤᠲᠤᠭ ᠪᠡᠯᠴᠢᠭᠡᠷ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠦ᠂ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠨᠤᠲᠤᠭ ᠪᠡᠯᠴᠢᠭᠡᠷ ᠢ ᠪᠦᠲᠦᠮᠵᠢᠲᠡᠢ ᠵᠠᠰᠠᠬᠤ ᠪᠠ ᠵᠠᠰᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠦᠨᠳᠦᠰᠦᠨ ᠳᠡᠭᠡᠨ ᠪᠡᠶᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠡᠮᠵᠢᠯᠲᠡ ᠪᠠ ᠬᠠᠮᠠᠭᠠᠯᠠᠯᠲᠠ ᠶᠢᠨ ᠰᠢᠰᠲ᠋ᠧᠮᠵᠢ ᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠡ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2