《 ᠤᠯᠠᠭᠠᠨᠴᠠᠪ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ( | 2023 ᠣᠨ ᠤ ᠬᠡᠪᠯᠡᠯ ) 》 ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠨᠢᠭᠡ᠂ ᠣᠣᠷᠭᠠᠯᠠᠭᠰᠠᠨ ᠠᠬᠤᠢ ᠪᠠᠶᠢᠳᠠᠯ ᠵᠢᠴᠢ ᠶᠠᠪᠤᠴᠠ | 《 ᠤᠯᠠᠭᠠᠨᠴᠠᠪ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ 》 ᠢ 2010 ᠣᠨ ᠤ 12 ᠳ᠋ᠤᠭᠠᠷ ᠰᠠᠷ᠎ᠠ ᠠᠴᠠ ᠳᠠᠷᠤᠮᠠᠯᠯᠠᠨ ᠲᠠᠷᠬᠠᠭᠠᠭᠰᠠᠨ ᠠᠴᠠ ᠨᠡᠰᠢ᠂ | ᠪᠥᠬᠦ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠤᠨ | ᠪᠠᠶᠢᠳᠠᠯ ᠳᠤ ᠪᠠᠶᠢᠬᠤ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠢᠯᠣᠭᠤᠳᠤᠨ ᠤᠷᠤᠭᠰᠢᠲᠠᠢ | ᠶᠠᠪᠤᠭᠳᠠᠭᠤᠯᠵᠤ᠂ ᠪᠥᠬᠦ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠳᠤ ᠴᠢᠬᠤᠯᠠ | ᠦᠢᠯᠡᠳᠦᠯ ᠦᠵᠡᠭᠦᠯᠪᠡ᠃ ᠲᠤᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠠᠴᠠ ᠨᠠᠰᠢ 13 ᠵᠢᠯ | ᠪᠣᠯᠲᠠᠯ᠎ᠠ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠵᠢᠴᠢ ᠴᠠᠭ ᠠᠭᠤᠷ ᠤᠨ ᠭᠠᠮᠰᠢᠭ ᠤᠨ ᠲᠥᠷᠥᠯ ᠵᠦᠢᠯ ᠤᠨ ᠬᠤᠪᠢᠶᠠᠷᠢᠯᠠᠯ ᠪᠠ ᠬᠦᠨᠳᠦ ᠨᠣᠴᠢᠲᠠᠢ | ᠬᠡᠮᠵᠢᠶ᠎ᠡ ᠶᠢ ᠳᠠᠭᠠᠯᠳᠤᠨ᠂ ᠪᠡᠯᠡᠳᠬᠡᠯ ᠲᠥᠰᠦᠯ ᠨᠢ ᠨᠢᠭᠡᠨᠲᠡ ᠠᠭᠠᠵᠢᠮ ᠢᠶᠠᠷ ᠠᠵᠢᠯᠯᠠᠭᠠᠨ ᠤ ᠭᠡᠮ ᠰᠣᠭᠤᠭ | ᠢᠯᠡᠷᠡᠭᠰᠡᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | 《 ᠰᠡᠷᠭᠡᠶᠢᠯᠡᠬᠦ ᠪᠠᠷ ᠭᠤᠣᠯ ᠪᠣᠯᠭᠠᠬᠤ᠂ ᠡᠰᠡᠷᠭᠦᠴᠡᠬᠦ ᠪᠠ ᠠᠪᠤᠷᠠᠬᠤ ᠶᠢ ᠬᠠᠷᠢᠯᠴᠠᠨ ᠤᠶᠠᠯᠳᠤᠭᠤᠯᠬᠤ 》 | ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠰᠠᠨᠠᠭᠠᠰᠢᠷᠠᠬᠤ | ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠵᠤ ᠬᠢᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠠᠭ ᠠᠭᠤᠷ ᠤᠨ | ᠭᠠᠮᠰᠢᠭ ᠠᠴᠠ ᠪᠣᠯᠤᠭᠰᠠᠨ ᠬᠥᠮᠦᠨ ᠦᠬᠦᠵᠦ ᠰᠢᠷᠬᠠᠲᠤᠬᠤ᠂ ᠡᠳ᠋ ᠬᠥᠷᠥᠩᠭᠡ ᠬᠤᠷᠬᠢᠷᠠᠬᠤ ᠠᠴᠠ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ ᠪᠤᠶᠤ ᠵᠠᠶᠢᠯᠠᠰᠬᠢᠬᠦ ᠶᠢ ᠪᠡᠶᠡᠯᠡᠭᠦᠯᠬᠦ ᠶᠢᠨ ᠲᠤᠰᠠᠳᠠ᠂ ᠥᠪᠥᠷ ᠵᠠᠰᠠᠭ ᠠᠯᠪᠠᠨ | ᠲᠠᠷᠬᠠᠭᠠᠭᠰᠠᠨ 〔 2021 〕 96 ᠳ᠋ᠤᠭᠠᠷ ᠲᠣᠭᠠᠲᠤ 《 ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ( 2021 ᠣᠨ ᠤ ᠬᠡᠪᠯᠡᠯ ) ᠢ ᠳᠠᠷᠤᠮᠠᠯᠯᠠᠨ | ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ 》 ᠢ ᠦᠨᠳᠦᠰᠦᠯᠡᠨ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠵᠣᠬᠢᠶᠠᠨ | ᠪᠠᠶᠢᠭᠤᠯᠤᠨ ᠵᠠᠰᠠᠪᠤᠷᠢ ᠣᠷᠣᠭᠤᠯᠵᠤ᠂ 《 ᠤᠯᠠᠭᠠᠨᠴᠠᠪ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ( ᠳᠣᠷᠣᠭᠰᠢ 《 ᠲᠥᠰᠦᠯ 》 ᠭᠡᠵᠦ ᠲᠣᠪᠴᠢᠯᠠᠨ᠎ᠠ ) 》 ( | ᠳᠣᠷᠣᠭᠰᠢ 《 ᠪᠡᠯᠡᠳᠬᠡᠯ ᠲᠥᠰᠦᠯ 》 ᠭᠡᠵᠦ ᠲᠣᠪᠴᠢᠯᠠᠨ᠎ᠠ ) ᠶᠢ ᠵᠣᠬᠢᠶᠠᠨ ᠪᠠᠶᠢᠭᠤᠯᠤᠨ ᠵᠠᠰᠠᠪᠤᠷᠢ | ᠣᠷᠣᠭᠤᠯᠵᠤ᠂ ᠬᠠᠮᠢᠶ᠎ᠠ ᠪᠦᠬᠦᠢ ᠪᠦᠷᠢᠯᠳᠦᠬᠦᠨ ᠨᠢᠭᠡᠴᠢ ᠠᠴᠠ ᠵᠠᠰᠠᠪᠤᠷᠢ ᠣᠷᠣᠭᠤᠯᠤᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠲᠤᠰ ᠰᠠᠨᠠᠯ ᠢ ᠨᠢ ᠰᠤᠳᠤᠯᠤᠨ ᠵᠥᠪᠰᠢᠶᠡᠷᠡᠭᠰᠡᠨ ᠤ ᠳᠠᠷᠠᠭ᠎ᠠ᠂ ᠬᠤᠲᠠ ᠶᠢᠨ | ᠵᠠᠰᠠᠭ ᠤᠨ ᠣᠷᠳᠣᠨ ᠢᠶᠠᠷ ᠳᠠᠮᠵᠢᠭᠤᠯᠤᠨ ᠲᠤᠰ ᠡᠬᠡ ᠪᠢᠴᠢᠭ ᠢ ᠨᠠᠶᠢᠷᠠᠭᠤᠯᠣᠨ ᠵᠤᠬᠢᠶᠠᠪᠠ᠃ | ᠬᠤᠶᠠᠷ᠂ ᠭᠤᠣᠯ ᠠᠭᠤᠯᠭ᠎ᠠ | 1. ᠪᠦᠬᠦ ᠪᠣᠷᠣ ᠲᠥᠯᠥᠪ ᠨᠢ ᠤᠤᠯ ᠤᠨ ᠳᠣᠯᠣᠭᠠᠨ ᠪᠦᠯᠦᠭ ᠬᠡᠰᠡᠭ ᠠᠴᠠ ᠶᠢᠰᠦᠨ ᠪᠦᠯᠦᠭ ᠪᠣᠯᠤᠨ | ᠨᠡᠮᠡᠭᠳᠡᠵᠡᠢ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠪᠠ ᠲᠤᠰᠢᠶᠠᠯ ᠬᠠᠷᠢᠭᠤᠴᠠᠯᠭ᠎ᠠ | ᠭᠤᠷᠪᠠᠳᠤᠭᠠᠷ ᠪᠦᠯᠦᠭ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ | ᠳᠥᠷᠪᠡᠳᠦᠭᠡᠷ ᠪᠦᠯᠦᠭ 《 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠪᠠ | ᠳᠠᠭᠠᠬᠤ 》 ᠶᠢ 《 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ 》 ᠭᠡᠵᠦ ᠥᠭᠡᠷᠡᠴᠢᠯᠡᠨ᠂ ᠲᠤᠰ ᠪᠦᠯᠦᠭ | ᠲᠠᠬᠢ ᠵᠦᠢᠯᠡᠰ ᠲᠠᠢ ᠨᠡᠩ ᠢᠯᠡᠭᠦᠦ ᠨᠡᠶᠢᠴᠡᠭᠦᠯᠬᠦ ᠬᠡᠷᠡᠭᠲᠡᠢ ᠃ | ᠲᠠᠪᠤᠳᠤᠭᠠᠷ ᠪᠦᠯᠦᠭ 《 ᠰᠡᠷᠭᠦᠭᠡᠬᠦ ᠪᠠ ᠳᠠᠬᠢᠨ ᠪᠠᠶᠢᠭᠤᠯᠬᠤ 》 ᠶᠢ 《 ᠰᠡᠭᠦᠯᠴᠢ ᠶᠢᠨ | ᠬᠤᠭᠤᠴᠠᠭᠠᠨ ᠤ ᠰᠢᠢᠳᠪᠦᠷᠢᠯᠡᠯᠲᠡ 》 ᠭᠡᠵᠦ ᠥᠭᠡᠷᠡᠴᠢᠯᠡᠨ᠎ᠡ᠂ ᠡᠭᠦᠨ ᠤ ᠰᠢᠯᠲᠠᠭᠠᠨ ᠨᠢ ᠳᠥᠷᠪᠡᠳᠦᠭᠡᠷ ᠪᠦᠯᠦᠭ | ᠲᠠᠢ ᠬᠠᠷᠠᠭᠠᠯᠵᠠᠭᠰᠠᠨ ᠮᠥᠷᠲᠡᠭᠡᠨ ᠬᠠᠮᠤᠷᠬᠤ ᠬᠡᠪᠴᠢᠶ᠎ᠡ ᠨᠢ ᠨᠡᠩ ᠶᠡᠭᠡ ᠪᠤᠯᠤᠨ᠎ᠠ᠃ | ᠵᠢᠷᠭᠤᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠳᠣᠯᠣᠳᠤᠭᠠᠷ ᠪᠦᠯᠦᠭ ᠬᠢᠨᠠᠯᠲᠠ ᠬᠠᠮᠢᠶᠠᠷᠤᠯᠲᠠ ᠨᠢ ᠤᠤᠯ ᠤᠨ 《 ᠳᠠᠭᠠᠯᠳᠤᠭᠤᠯᠤᠭᠰᠠᠨ ᠳᠦᠷᠢᠮ 》 | ᠠᠴᠠ ᠰᠠᠯᠭᠠᠨ ᠭᠠᠷᠭᠠᠵᠤ ᠲᠤᠰᠠᠭᠠᠷ ᠲᠠᠮᠠᠭ᠎ᠠ ᠪᠣᠯᠭᠠᠵᠤ᠂ 《 ᠪᠡᠯᠡᠳᠬᠡᠯ ᠲᠥᠰᠦᠯ 》 ᠤᠨ ᠪᠦᠲᠦᠮᠵᠢᠲᠡᠢ | ᠬᠡᠷᠡᠭᠵᠢᠭᠦᠯᠦᠭᠳᠡᠬᠦ ᠶᠢ ᠪᠠᠲᠤᠯᠠᠨ᠎ᠠ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠶᠢᠰᠦᠳᠦᠭᠡᠷ ᠪᠦᠯᠦᠭ ᠳᠠᠭᠠᠯᠳᠤᠭᠤᠯᠤᠯ᠄ ᠪᠦᠬᠦ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠣᠷᠣ ᠵᠢᠷᠤᠭ ᠢ ᠨᠡᠮᠡᠭᠳᠡᠭᠦᠯᠦᠨ᠎ᠡ᠃ | 2.ᠨᠢᠭᠡᠳᠦᠭᠡᠷ ᠪᠦᠯᠦᠭ ᠨᠠᠶᠢᠷᠠᠭᠤᠯᠤᠨ ᠵᠣᠬᠢᠶᠠᠬᠤ ᠦᠨᠳᠦᠰᠦᠯᠡᠯ ᠪᠠ ᠠᠵᠢᠯ ᠤᠨ ᠵᠠᠷᠴᠢᠮ ᠤᠨ ᠳᠡᠰ | ᠳᠠᠷᠠᠭᠠᠯᠠᠯ ᠢ ᠰᠣᠯᠢᠨ᠎ᠠ᠃ | 3.ᠬᠤᠶᠠᠳᠤᠭᠠᠷ ᠪᠦᠯᠦᠭ ᠵᠢᠯᠣᠭᠤᠳᠬᠤ ᠪᠠᠶᠢᠭᠤᠯᠤᠮᠵᠢ ᠪᠠ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ | ᠬᠤᠶᠠᠷ ᠬᠡᠰᠡᠭ ᠬᠤᠪᠢᠶᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠠᠯᠠᠪᠤᠷ ᠢ ᠰᠢᠨ᠎ᠡ ᠪᠠᠷ | ᠨᠡᠮᠡᠭᠳᠡᠭᠦᠯᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠬᠦ ᠬᠡᠷᠡᠭᠲᠡᠢ | ᠃ | 4.ᠭᠤᠷᠪᠠᠳᠤᠭᠠᠷ ᠪᠦᠯᠦᠭ ᠨᠢᠭᠡᠳᠦᠭᠡᠷ ᠬᠡᠰᠡᠭ ᠤᠨ《 ᠤᠷᠢᠳᠴᠢᠯᠠᠨ ᠰᠡᠷᠡᠮᠵᠢᠯᠡᠵᠦ ᠤᠷᠢᠳᠴᠢᠯᠠᠨ | ᠰᠡᠷᠭᠡᠶᠢᠯᠡᠬᠦ ᠠᠵᠢᠯᠯᠠᠭ᠎ᠠ 》 ᠶᠢ 《 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ 》 ᠭᠡᠵᠦ | ᠥᠭᠡᠷᠡᠴᠢᠯᠡᠨ᠎ᠡ᠂ ᠡᠭᠦᠨ ᠳᠤ ᠠᠶᠤᠯ ᠲᠦᠭᠰᠢᠭᠦᠷᠢ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ ᠲᠠᠯᠠᠪᠤᠷ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠭᠤᠷᠪᠠᠨ ᠬᠡᠰᠡᠭ ᠠᠭᠤᠯᠭ᠎ᠠ ᠪᠠᠭᠲᠠᠨ᠎ᠠ᠂ | ᠪᠡᠯᠡᠳᠬᠡᠯ ᠲᠥᠰᠦᠯ ᠤᠨ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ ;ᠬᠤᠶᠠᠳᠤᠭᠠᠷ᠂ ᠭᠤᠷᠪᠠᠳᠤᠭᠠᠷ | ᠬᠡᠰᠡᠭ ᠢ ᠨᠡᠶᠢᠯᠡᠭᠦᠯᠦᠨ 《 ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ 》 | ᠭᠡᠵᠦ ᠶᠡᠷᠦᠩᠬᠡᠶᠢᠯᠡᠨ ᠨᠡᠷᠡᠯᠡᠨ᠎ᠡ ᠂ ᠳᠥᠷᠪᠡᠳᠦᠭᠡᠷ ᠬᠡᠰᠡᠭ 《 ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠪᠠᠷᠢᠮᠵᠢᠶ᠎ᠠ 》 ᠶᠢ 《 ᠰᠡᠷᠡᠮᠵᠢᠯᠡᠭᠦᠯᠬᠦ ᠶᠢ ᠨᠡᠶᠢᠲᠡᠯᠡᠬᠦ ᠪᠠ ᠤᠯᠠᠮᠵᠢᠯᠠᠬᠤ 》 ᠪᠣᠯᠭᠠᠨ ᠥᠭᠡᠷᠡᠴᠢᠯᠡᠵᠦ᠂ ᠮᠡᠳᠡᠭᠡ | ᠵᠠᠩᠭᠢ ᠶᠢ ᠳᠠᠮᠵᠢᠭᠤᠯᠬᠤ ᠠᠭᠤᠯᠭ᠎ᠠ ᠶᠢ ᠨᠡᠮᠡᠭᠳᠡᠭᠦᠯᠦᠨ᠎ᠡ᠃ | 5.ᠲᠦᠷᠪᠠᠳᠦᠭᠡᠷ ᠪᠦᠯᠦᠭ ᠶᠡᠷᠦᠩᠬᠡᠢ ᠮᠠᠭᠠᠳᠯᠠᠯᠲᠠ ᠶᠢ ᠡᠬᠢᠯᠡᠭᠦᠯᠬᠦ ᠡᠰᠡᠬᠦ ᠲᠤᠬᠠᠢ ᠠᠷᠪᠠᠨ ᠨᠢᠭᠡᠳᠦᠭᠡᠷ | ᠪᠦᠯᠦᠭ ᠶᠡᠷᠦᠩᠬᠡᠢ ᠦᠨᠳᠦᠰᠦᠯᠡᠯ《 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ 》 ᠶᠢ | 《 ᠡᠬᠢᠯᠡᠭᠦᠯᠬᠦ ᠨᠥᠬᠦᠴᠡᠯ 》᠂ 《 ᠡᠬᠢᠯᠡᠭᠦᠯᠬᠦ ᠴᠤᠪᠤᠷᠠᠯ 》 ᠪᠣᠯᠭᠠᠨ ᠨᠠᠷᠢᠯᠢᠭᠵᠢᠭᠤᠯᠵᠤ᠂ ᠪᠡᠯᠡᠳᠬᠡᠯ | ᠲᠥᠰᠦᠯ ᠢ ᠠᠵᠢᠯᠯᠠᠬᠤ ᠴᠢᠨᠠᠷ ᠢ ᠦᠨᠳᠦᠰᠦᠯᠡᠭᠦᠯᠦᠨ᠎ᠡ ;《 ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯᠠᠯ | 》 ᠢ 《 ᠳᠡᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯᠠᠯ 》 ᠪᠣᠯᠭᠠᠨ ᠬᠤᠪᠢᠷᠠᠭᠤᠯᠵᠤ᠂ | ᠨᠡᠩ ᠣᠨᠣᠪᠴᠢᠲᠠᠢ ᠢᠯᠡᠳᠬᠡᠬᠦ ᠶᠢ ᠢᠯᠡᠳᠬᠡᠨ᠎ᠡ ;《 ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠰᠢᠢᠳᠪᠦᠷᠢᠯᠡᠬᠦ | 》 《 ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ ᠠᠷᠭ᠎ᠠ ᠮᠠᠶ᠋ᠢᠭ 》 ᠢ ᠬᠠᠰᠤᠭᠰᠠᠨ ᠰᠢᠯᠲᠠᠭᠠᠨ | ᠨᠢ ᠳᠡᠭᠡᠷᠡᠬᠢ ᠠᠭᠤᠯᠭ᠎ᠠ ᠨᠢ ᠪᠠᠴᠢᠮ ᠪᠠᠶᠢᠳᠠᠯ ᠢ ᠠᠷᠭᠠᠴᠠᠬᠤ ᠬᠡᠪᠴᠢᠶᠡᠨ ᠳᠤ ᠪᠠᠭᠲᠠᠭᠰᠠᠨ ᠪᠤᠶᠤ ᠬᠠᠷᠢᠶᠠᠯᠠᠭᠳᠠᠬᠤ | ᠦᠭᠡᠢ ᠠᠴᠠ ᠪᠣᠯᠵᠤ᠂ 《 ᠲᠤᠬᠠᠢ ᠶᠢᠨ ᠲᠠᠯᠠᠪᠠᠢ ᠶᠢᠨ ᠰᠢᠢᠳᠪᠦᠷᠢᠯᠡᠯᠲᠡ 》᠂ 《 ᠨᠡᠶᠢᠭᠡᠮ ᠤᠨ ᠬᠦᠴᠦᠨ ᠢ | ᠳᠠᠶᠢᠴᠢᠯᠠᠨ ᠣᠷᠣᠯᠴᠠᠭᠤᠯᠬᠤ 》 ᠶᠢ ᠨᠡᠮᠡᠭᠳᠡᠭᠦᠯᠦᠭᠰᠡᠨ᠋ ᠠᠴᠠ ᠪᠣᠯᠵᠤ ᠪᠣᠳᠠᠲᠠᠢ ᠲᠠᠢ ᠨᠡᠩ ᠨᠡᠶᠢᠴᠡᠵᠡᠢ ;《 ᠴᠠᠭ | ᠠᠭᠤᠷ ᠤᠨ ᠭᠠᠮᠰᠢᠭ ᠢ ᠦᠨᠡᠯᠡᠨ ᠵᠢᠱᠢᠬᠦ 》 ᠶᠢ ᠬᠠᠰᠤᠵᠤ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ | ᠶᠠᠪᠤᠴᠠ ᠬᠦᠷᠲᠡᠯ᠎ᠡ ᠲᠣᠬᠢᠷᠠᠭᠤᠯᠬᠤ ᠬᠡᠷᠡᠭᠲᠡᠢ ;《 ᠰᠣᠨᠢᠨ ᠮᠡᠳᠡᠭᠡ ᠨᠡᠶᠢᠲᠡᠯᠡᠬᠦ 》 ᠶᠢ 《 ᠮᠡᠳᠡᠭᠡ ᠵᠠᠩᠭᠢ | ᠨᠡᠶᠢᠲᠡᠯᠡᠬᠦ 》 ᠭᠡᠵᠦ ᠥᠭᠡᠷᠡᠴᠢᠯᠡᠨ᠂ ᠲᠤᠰ ᠪᠦᠯᠦᠭ ᠤᠨ ᠡᠴᠦᠰ ᠤᠨ ᠪᠠᠶᠢᠷᠢᠨ ᠳᠤ ᠲᠠᠯᠪᠢᠭᠰᠠᠨ ᠨᠢ ᠵᠥᠪ | ᠣᠨᠣᠪᠴᠢᠲᠠᠢ ᠢᠯᠡᠳᠬᠡᠭᠰᠡᠨ᠋ ᠠᠴᠠ ᠪᠣᠯᠤᠭᠰᠠᠨ ᠶᠤᠮ᠂ ᠣᠷᠣᠨ ᠪᠠᠶᠢᠷᠢ ᠨᠢ ᠪᠣᠳᠠᠲᠤ ᠪᠠᠶᠢᠳᠠᠯ ᠳᠤ ᠨᠡᠶᠢᠴᠡᠭᠰᠡᠨ | ᠪᠠᠶᠢᠬᠤ ;《 ᠪᠠᠴᠢᠮ ᠪᠠᠶᠢᠳᠠᠯ ᠢ ᠠᠷᠭᠠᠴᠠᠵᠤ ᠳᠠᠭᠤᠰᠬᠠᠬᠤ 》 ᠶᠢ 《 ᠪᠠᠴᠢᠮ ᠪᠠᠶᠢᠳᠠᠯ ᠢ ᠠᠷᠭᠠᠴᠠᠵᠤ | ᠴᠤᠤᠷᠢᠶᠠᠲᠤᠨ ᠳᠡᠰ ᠳᠡᠪᠰᠢᠬᠦ ᠪᠠ ᠵᠣᠭᠰᠣᠭᠠᠬᠤ 》 ᠭᠡᠵᠦ ᠥᠭᠡᠷᠡᠴᠢᠯᠡᠭᠡᠳ᠂ ᠪᠣᠳᠠᠲᠤ ᠪᠠᠶᠢᠳᠠᠯ ᠳᠤ ᠨᠡᠩ | ᠨᠡᠶᠢᠴᠡᠭᠦᠯᠬᠦ ᠬᠡᠷᠡᠭᠲᠡᠢ᠃ 6. ᠲᠠᠪᠤᠳᠤᠭᠠᠷ ᠪᠦᠯᠦᠭ 《 ᠲᠥᠯᠥᠪᠵᠢᠭᠦᠯᠭᠡ ᠲᠣᠭᠲᠠᠭᠠᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ 》᠂ 《 ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ 》᠂ 《 ᠰᠡᠭᠦᠯᠴᠢ ᠶᠢᠨ | ᠬᠢ ᠶᠢ ᠰᠢᠢᠳᠪᠦᠷᠢᠯᠡᠬᠦ 》᠂ 《 ᠲᠠᠲᠠᠪᠤᠷᠢᠯᠠᠨ ᠬᠡᠷᠡᠭᠯᠡᠬᠦ ᠨᠥᠬᠦᠪᠥᠷᠢ 》 ᠶᠢ ᠨᠡᠮᠡᠭᠳᠡᠭᠦᠯᠵᠦ᠂ ᠬᠥᠮᠦᠨ ᠢᠶᠠᠷ | ᠦᠨᠳᠦᠰᠦ ᠪᠣᠯᠭᠠᠬᠤ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠤᠯᠠᠮ ᠨᠢᠭᠡ ᠠᠯᠬᠤᠮ ᠢᠯᠡᠷᠡᠭᠦᠯᠬᠦ ᠬᠡᠷᠡᠭᠲᠡᠢ᠃ | 7. ᠵᠢᠷᠭᠤᠳᠤᠭᠠᠷ ᠪᠦᠯᠦᠭ 《 ᠬᠥᠮᠦᠨ ᠤ ᠬᠦᠴᠦᠨ ᠤ ᠪᠠᠲᠤᠯᠠᠭ᠎ᠠ 》᠂ 《 ᠪᠡᠯᠡ ᠮᠥᠩᠭᠦᠨ ᠤ ᠪᠠᠲᠤᠯᠠᠭ᠎ᠠ | 》᠂ 《 ᠡᠮ ᠡᠮᠨᠡᠯᠭᠡ ᠶᠢᠨ ᠪᠠᠲᠤᠯᠠᠭ᠎ᠠ 》᠂ 《 ᠵᠠᠮ ᠲᠡᠭᠡᠭᠡᠪᠦᠷᠢ ᠶᠢᠨ ᠪᠠᠲᠤᠯᠠᠭ᠎ᠠ 》᠂ 《 ᠠᠮᠤᠷ ᠢ | ᠬᠠᠮᠠᠭᠠᠯᠠᠬᠤ ᠪᠠᠲᠤᠯᠠᠭ᠎ᠠ 》᠂ 《 ᠠᠮᠢᠳᠤᠷᠠᠯ ᠤᠨ ᠦᠨᠳᠦᠰᠦᠨ ᠪᠠᠲᠤᠯᠠᠭ᠎ᠠ 》 ᠰᠢᠨ᠎ᠡ ᠪᠠᠷ ᠨᠡᠮᠡᠭᠳᠡᠭᠦᠯᠵᠦ᠂ | ᠠᠵᠢᠯᠯᠠᠬᠤ ᠴᠢᠨᠠᠷ ᠢᠶᠠᠨ ᠨᠡᠮᠡᠭᠳᠡᠭᠦᠯᠦᠨ᠎ᠡ ;《 ᠮᠡᠳᠡᠭᠡ ᠬᠤᠯᠪᠣᠭ᠎ᠠ ᠪᠠ ᠲᠣᠨᠣᠭᠯᠠᠯ ᠤᠨ ᠪᠠᠲᠤᠯᠠᠭ᠎ᠠ 》 ᠶᠢ 《 | ᠮᠡᠳᠡᠭᠡ ᠬᠤᠯᠪᠣᠭᠠᠨ ᠤ ᠪᠠᠲᠤᠯᠠᠭ᠎ᠠ 》 ᠪᠣᠯᠭᠠᠨ ᠥᠭᠡᠷᠡᠴᠢᠯᠡᠵᠦ᠂ ᠡᠳ᠋ ᠪᠣᠳᠠᠰ ᠤᠨ ᠳᠣᠲᠣᠷ᠎ᠠ ᠲᠣᠨᠣᠭᠯᠠᠯ ᠲᠠᠢ | ᠢᠯᠡᠷᠡᠭᠦᠯᠬᠦ ;《 ᠲᠧᠭᠨᠢᠭ ᠮᠡᠷᠭᠡᠵᠢᠯ ᠤᠨ ᠨᠥᠭᠡᠴᠡ ᠬᠢᠭᠡᠳ ᠪᠠᠲᠤᠯᠠᠭ᠎ᠠ 》 ᠶᠢ 《 ᠲᠧᠭᠨᠢᠭ ᠮᠡᠷᠭᠡᠵᠢᠯ ᠤᠨ | ᠪᠠᠲᠤᠯᠠᠭ᠎ᠠ 》 ᠭᠡᠵᠦ ᠥᠭᠡᠷᠡᠴᠢᠯᠡᠨ᠎ᠡ ;《 ᠤᠬᠠᠭᠤᠯᠭ᠎ᠠ᠂ ᠪᠣᠯᠪᠠᠰᠣᠷᠠᠭᠤᠯᠤᠯ ᠪᠠ ᠰᠣᠷᠢᠯᠲᠠ 》 ᠶᠢ ᠬᠠᠰᠤᠪᠠ᠃ | 8. ᠳᠣᠯᠣᠳᠤᠭᠠᠷ ᠪᠦᠯᠦᠭ ᠬᠢᠨᠠᠯᠲᠠ ᠬᠠᠮᠢᠶᠠᠷᠤᠯᠲᠠ ᠨᠢ 《 ᠪᠡᠯᠡᠳᠬᠡᠯ ᠲᠥᠰᠦᠯ ᠤᠨ ᠰᠣᠷᠢᠯᠳᠠ 》᠂ 《 | ᠤᠬᠠᠭᠤᠯᠭ᠎ᠠ ᠪᠣᠯᠪᠠᠰᠣᠷᠠᠭᠤᠯᠤᠯ 》᠂ 《 ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ 》᠂ 《 ᠪᠡᠯᠡᠳᠬᠡᠯ | ᠲᠥᠰᠦᠯ ᠤᠨ ᠬᠠᠮᠢᠶᠠᠷᠤᠯᠲᠠ 》 ᠶᠢ ᠪᠠᠭᠲᠠᠭᠠᠵᠤ᠂ ᠪᠦᠬᠦᠶᠢᠯᠡ ᠪᠡᠯᠡᠳᠬᠡᠯ ᠲᠥᠰᠦᠯ ᠨᠢ ᠨᠡᠩ ᠬᠢᠵᠠᠭᠠᠷᠯᠠᠬᠤ | ᠴᠢᠨᠠᠷᠲᠠᠢ ᠪᠠᠶᠢᠳᠠᠭ᠃ 9.ᠨᠠᠢᠮᠠᠳᠤᠭᠠᠷ ᠪᠦᠯᠦᠭ 《 ᠨᠡᠷ᠎ᠡ ᠲᠣᠮᠢᠶ᠎ᠠ 》᠂ 《 ᠴᠠᠭ ᠠᠭᠤᠷ ᠤᠨ ᠭᠠᠮᠰᠢᠭ ᠢ | ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ 》 ᠶᠢ ᠨᠡᠮᠡᠭᠳᠡᠭᠦᠯᠦᠨ᠎ᠡ᠃ 10. ᠶᠢᠰᠦᠳᠦᠭᠡᠷ ᠪᠦᠯᠦᠭ 《 | ᠴᠠᠭ ᠠᠭᠤᠷ ᠤᠨ ᠭᠠᠮᠰᠢᠭ ᠢ ᠪᠠᠴᠢᠮ ᠠᠷᠭᠠᠴᠠᠬᠤ ᠰᠢᠰᠲ᠋ᠧᠮᠵᠢ ᠶᠢᠨ ᠪᠦᠳᠦᠭᠦᠪᠴᠢ ᠵᠢᠷᠤᠭ 》 ᠢ ᠨᠡᠮᠡᠭᠳᠡᠭᠦᠯᠬᠦ᠃ | ᠭᠤᠷᠪᠠ᠂ ᠣᠷᠣᠨ ᠲᠤᠭ᠎ᠠ ᠶᠢᠨ ᠠᠴᠢ ᠬᠤᠯᠪᠣᠭᠳᠠᠯ | ᠤᠯᠤᠰ ᠤᠨ 《 ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠠᠪᠤᠷᠠᠬᠤ ᠶᠢ ᠬᠠᠷᠢᠯᠴᠠᠨ | ᠤᠶᠠᠯᠳᠤᠭᠤᠯᠬᠤ 》 ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ | ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠰᠠᠨᠠᠭᠠᠰᠢᠷᠠᠨ | ᠵᠣᠪᠠᠨᠢᠬᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠵᠤ ᠬᠢᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠠᠭ | ᠠᠭᠤᠷ ᠤᠨ ᠭᠠᠮᠰᠢᠭ ᠠᠴᠠ ᠪᠣᠯᠤᠭᠰᠠᠨ ᠬᠥᠮᠦᠨ ᠦᠬᠦᠵᠦ ᠰᠢᠷᠬᠠᠲᠤᠬᠤ᠂ ᠡᠳ᠋ ᠬᠥᠷᠥᠩᠭᠡ ᠬᠤᠬᠢᠷᠠᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠤᠶᠤ ᠲᠡᠭᠦᠨ ᠠᠴᠠ ᠵᠠᠶᠢᠯᠠᠭᠤᠯᠬᠤ ᠶᠢᠨ ᠲᠤᠰᠠᠳᠠ᠂ ᠴᠠᠭ | ᠠᠭᠤᠷ ᠤᠨ ᠭᠠᠮᠰᠢᠭ ᠠᠴᠠ ᠪᠣᠯᠵᠤ ᠬᠥᠮᠦᠨ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | 《 ᠤᠯᠠᠭᠠᠨᠴᠠᠪ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ( 2023 ᠣᠨ ᠤ ᠬᠡᠪᠯᠡᠯ ) 》 ᠳᠤ ᠵᠠᠰᠠᠪᠤᠷᠢ ᠣᠷᠣᠭᠤᠯᠪᠠ᠃ | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ ᠄ ᠬᠠᠶᠢᠷ᠎ᠠ ᠦᠨᠢᠮᠠᠨᠳᠤᠬᠤ | ᠳᠡᠪᠰᠢᠭᠦᠯᠦᠭᠴᠢ ᠄ ᠲᠡᠷᠭᠡᠯ | | |