︽ᠤᠯᠠᠭᠠᠨᠴᠠᠪ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/5
 ︽ᠤᠯᠠᠭᠠᠨᠴᠠᠪ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ             ᠨᠢᠭᠡ᠂  ᠨᠡᠶᠢᠲᠡᠯᠡᠭᠰᠡᠨ ᠠᠷᠤ ᠦᠵᠡᠭᠳᠡᠯ         ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠦᠢᠯᠡᠰ ᠤᠨ ᠪᠦᠬᠦ ᠲᠠᠯ᠎ᠠ ᠪᠠᠷ ᠵᠣᠬᠢᠴᠠᠩᠭᠤᠢ ᠪᠥᠭᠡᠳ ᠦᠷᠭᠦᠯᠵᠢᠯᠡᠨ ᠬᠥᠭᠵᠢᠬᠦ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ 》᠂《 ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 》 (ᠥᠪᠥᠷ ᠵᠠᠰᠠᠭ ᠠᠯᠪᠠᠨ ᠲᠠᠷᠬᠠᠭᠠᠭᠰᠠᠨ 〔 2021 〕 81 ᠳ᠋ᠦ᠋ᠭᠡᠷ ᠲᠣᠭᠠᠲᠤ) ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠨᠠᠯ ᠬᠤᠷᠢᠶᠠᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠲᠠᠮᠵᠢᠨ᠂ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ 《 ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ 》 ( ᠳᠣᠷᠣᠭᠰᠢ ᠲᠥᠯᠥᠪᠵᠢᠭᠦᠯᠭᠡ ᠭᠡᠵᠦ ᠲᠣᠪᠴᠢᠯᠠᠨ᠎ᠠ ) ᠶᠢ ᠨᠠᠶᠢᠷᠠᠭᠤᠯᠤᠨ ᠵᠣᠬᠢᠶᠠᠭᠰᠠᠨ ᠪᠠᠶᠢᠨ᠎ᠠ᠃           ᠬᠤᠶᠠᠷ᠂ ᠨᠡᠶᠢᠲᠡᠯᠡᠨ ᠠᠴᠢ ᠬᠤᠯᠪᠣᠭᠳᠠᠯ           ᠬᠥᠮᠦᠨ ᠠᠮᠠ ᠶᠢᠨ ᠨᠠᠰᠤᠵᠢᠯᠲᠠ ᠪᠣᠯ ᠨᠡᠶᠢᠭᠡᠮ ᠤᠨ ᠬᠥᠭᠵᠢᠯᠲᠡ ᠶᠢᠨ ᠴᠢᠬᠤᠯᠠ ᠬᠠᠨᠳᠤᠰᠢ ᠮᠥᠨ᠂ ᠪᠠᠰᠠ ᠴᠤ ᠮᠠᠨ ᠤ ᠤᠯᠤᠰ ᠤᠨ ᠬᠤᠶᠢᠰᠢᠳᠠ ᠶᠢᠨ ᠨᠡᠯᠢᠶᠡᠳ ᠤᠷᠲᠤ ᠬᠤᠭᠤᠴᠠᠭᠠᠨ ᠤ ᠤᠯᠤᠰ ᠤᠨ ᠦᠨᠳᠦᠰᠦᠨ ᠪᠠᠶᠢᠳᠠᠯ ᠮᠥᠨ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠢ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠨᠠᠰᠤᠵᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯ ᠢ ᠪᠦᠲᠦᠮᠵᠢᠲᠡᠢ ᠪᠠᠷ ᠠᠷᠭᠠᠴᠠᠬᠤ ᠨᠢ ᠤᠯᠤᠰ ᠣᠷᠣᠨ ᠤ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ ᠲᠦᠭ ᠲᠦᠮᠡᠨ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                ᠭᠤᠷᠪᠠ᠂ ᠭᠤᠣᠯ ᠠᠭᠤᠯᠭ᠎ᠠ          ( ᠨᠢᠭᠡ ) ᠲᠥᠯᠥᠪᠵᠢᠭᠦᠯᠭᠡ ᠶᠢᠨ ᠠᠬᠤᠢ ᠪᠠᠶᠢᠳᠠᠯ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠠᠭᠠᠨᠴᠠᠪ ᠬᠤᠲᠠ ᠶᠢᠨ ᠨᠠᠰᠤᠵᠢᠯ ᠤᠨ ᠦᠢᠯᠡᠰ ᠤᠨ ᠣᠯᠤᠭᠰᠠᠨ ᠠᠮᠵᠢᠯᠲᠠ ᠶᠢ 5 ᠲᠠᠯ᠎ᠠ ᠠᠴᠠ ᠳ᠋ᠦ᠋ᠩᠨᠡᠵᠦ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠰᠢᠭᠲᠠᠢ ᠠᠵᠠ ᠲᠣᠬᠢᠶᠠᠯ ᠬᠤᠶᠠᠷ  ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠨᠠᠰᠤᠵᠢᠯ ᠤᠨ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ ᠰᠢᠨᠵᠢᠯᠡᠵᠦ ᠢᠯᠡᠷᠡᠭᠦᠯᠦᠭᠰᠡᠨ ᠪᠠᠶᠢᠨ᠎ᠠ᠃       ( ᠬᠤᠶᠠᠷ ) ᠶᠡᠷᠦᠩᠬᠡᠢ ᠰᠡᠳᠬᠢᠴᠡ᠃ ︽ᠠᠷᠪᠠᠨ ᠳᠥᠷᠪᠡᠳᠦᠭᠡᠷ ᠲᠠᠪᠤᠨ ᠵᠢᠯ︾ ᠵᠢᠯ ᠤᠨ ᠲᠥᠯᠦᠪᠯᠡᠭᠡᠨ ᠤ ᠬᠤᠭᠤᠴᠠᠭᠠᠨ ᠤ ᠨᠠᠰᠤᠵᠢᠯ ᠤᠨ ᠦᠢᠯᠡᠰ ᠤᠨ ᠬᠦᠭᠵᠢᠯᠳᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠤᠨ ᠬᠦᠭᠵᠢᠯᠳᠡ ᠶᠢᠨ ᠬᠠᠷᠠᠯᠲᠠ ᠶᠢ  ᠲᠣᠷᠠᠳᠠᠨ ᠭᠠᠷᠭᠠᠪᠠ᠃           ( ᠭᠤᠷᠪᠠ ) ᠭᠤᠣᠯ ᠡᠭᠦᠷᠭᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠡᠮᠴᠢᠯᠡᠭᠡ ᠰᠣᠪᠢᠯᠠᠯᠳᠠ ᠡᠷᠡᠭᠦᠯᠵᠢᠯ ᠢ ᠤᠶᠠᠯᠳᠤᠭᠤᠯᠤᠨ ᠬᠥᠭᠵᠢᠭᠦᠯᠬᠦ ᠶᠢ ᠲᠦᠷᠭᠡᠳᠬᠡᠬᠦ᠂ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠯᠭ᠎ᠠ ᠶᠢ ᠥᠷᠭᠡᠳᠬᠡᠬᠦ᠂ ᠨᠠᠰᠤᠲᠠᠶᠢᠴᠤᠳ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠢ ᠪᠠᠶᠢᠭᠤᠯᠬᠤ ᠵᠡᠷᠭᠡ 9 ᠲᠠᠯ᠎ᠠ ᠪᠠᠷ ᠲᠤᠰ ᠲᠤᠰ ᠪᠣᠳᠠᠲᠠᠢ ᠠᠭᠤᠯᠭ᠎ᠠ ᠳᠤᠷᠠᠳᠴᠤ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠭᠰᠠᠨ ᠪᠥᠭᠡᠳ 5 ᠲᠤᠰᠬᠠᠢ ᠪᠤᠯᠤᠩ ᠤᠨ ᠲᠥᠷᠥᠯ ᠵᠦᠢᠯ ᠢ ᠵᠢᠭᠰᠠᠭᠠᠪᠠ ᠃                ᠳᠥᠷᠪᠡ ᠂ ᠪᠠᠲᠤᠯᠠᠬᠤ ᠠᠷᠭ᠎ᠠ ᠬᠡᠮᠵᠢᠶ᠎ᠡ            ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠣᠷᠣᠭᠤᠯᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ᠂ ᠴᠢᠳᠠᠪᠤᠷᠢᠲᠠᠨ ᠤ ᠡᠩᠨᠡᠭᠡ ᠪᠠᠨ ᠪᠤᠵᠠᠭᠠᠶᠢᠷᠠᠭᠤᠯᠬᠤ᠂ ᠰᠢᠯᠭᠠᠨ ᠦᠨᠡᠯᠡᠵᠦ ᠬᠢᠨᠠᠨ ᠬᠡᠮᠵᠢᠬᠦ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ᠢᠷᠡᠯᠲᠡ᠄  ᠳᠦᠷᠪᠡᠦᠨ ᠬᠤᠰᠢᠭᠤᠨ ᠤ  ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄   ᠲᠡᠷᠭᠡᠯ ᠬᠢᠨᠠᠭᠴᠢ ᠄  ᠬᠠᠶᠢᠷ᠎ᠠ  ᠦᠨᠢᠮᠠᠨᠳᠤᠬᠤᠳᠡᠪᠰᠢᠭᠦᠯᠦᠭᠴᠢ ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2