ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠢ ᠭᠦᠨᠵᠡᠭᠡᠢ ᠠᠬᠢᠭᠤᠯᠵᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶ᠋ᠢᠯᠠᠯᠳᠤᠭᠠᠨ | ᠤᠳᠠᠭᠠᠨ ᠳᠠᠭᠠᠭᠠᠮᠠᠭᠠᠢ ᠠᠳᠢᠯᠠᠯᠰᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ | | ᠯᠢ ᠴᠢᠶᠠᠩ ᠵᠤᠤ ᠯᠧ ᠵᠢᠢ ᠸᠠᠩ ᠬᠤ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ | ᠯᠢ ᠰᠢ ᠬᠤᠷᠠᠯ ᠢ ᠡᠷᠭᠢᠯᠡᠪᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠠᠷᠪᠠᠨ ᠵᠢᠯ ᠢᠯᠵᠠᠷᠠᠯ ᠢ | ᠴᠥᠬᠦᠷᠡᠰᠢ ᠦᠭᠡᠢ ᠬᠦᠴᠦᠲᠡᠢ ᠡᠰᠡᠷᠭᠦᠴᠡᠬᠦ ᠶᠢ ᠪᠠᠷᠢᠮᠲᠠᠯᠠᠭᠰᠠᠨ ᠢᠶᠠᠷ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶ᠋ᠢᠯᠦᠩᠭᠦᠢ | ᠴᠢᠨᠠᠷᠲᠠᠢ ᠢᠯᠠᠯᠲᠠ ᠣᠯᠵᠤ ᠪᠦᠭᠦ ᠲᠠᠯ᠎ᠠ ᠪᠠᠷ ᠪᠠᠬᠢᠵᠢᠭ᠍ᠰᠡᠨ ᠪᠠᠶᠢᠨ᠎ᠠ᠂ ᠭᠡᠪᠡᠴᠦ ᠪᠠᠶᠢᠳᠠᠯ ᠮᠥᠨ ᠬᠦ᠋ ᠬᠦᠨᠳᠦ ᠨᠣᠴᠢᠲᠠᠢ | ᠨᠠᠷᠢᠨ ᠪᠤᠳᠤᠯᠢᠶᠠᠨᠲᠠᠢ ᠪᠠᠶᠢᠨ᠎ᠠ᠃ ᠪᠢᠳᠡ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠬᠠᠨᠳᠤᠰᠢ ᠶᠢ | ᠰᠡᠷᠭᠡᠭ ᠢᠶᠠᠷ ᠲᠠᠨᠢᠵᠤ᠂ ᠢᠯᠵᠠᠷᠠᠯ ᠤᠨ ᠠᠰᠠᠭᠤᠳᠠᠯ ᠤᠨ ᠡᠭᠦᠰᠴᠦ ᠪᠠᠶᠢᠭ᠎ᠠ ᠬᠥᠷᠥᠰᠥ ᠰᠢᠷᠣᠢ ᠪᠠ ᠨᠥᠬᠦᠴᠡᠯ ᠢ | ᠰᠡᠷᠭᠡᠭ ᠢᠶᠠᠷ ᠲᠠᠨᠢᠵᠤ᠂ ᠡᠭᠦᠷᠢᠳᠡ ᠵᠣᠭᠰᠣᠰᠢ ᠦᠭᠡᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠤᠨᠢᠨ | ᠳᠡᠭᠡᠷ᠎ᠡ ᠬᠦᠴᠦᠯᠡᠨ᠂ ᠦᠷᠭᠦᠯᠵᠢᠯᠡᠨ ᠬᠦᠴᠦᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ ᠭᠡᠵᠦ | ᠴᠢᠬᠤᠯᠠᠴᠢᠯᠠᠪᠠ᠃ | | 1 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠃ ᠨᠠᠮ ᠤᠨ ᠲᠥᠪ ᠬᠤᠷᠢᠶ᠎ᠠ ᠨᠠᠮ ᠤᠨ ᠥᠪᠡᠷ ᠪᠡᠶ᠎ᠡ ᠶᠢᠨ | ᠬᠤᠪᠢᠰᠬᠠᠯ ᠢ ᠭᠤᠶᠢᠪᠢᠰᠢ ᠦᠭᠡᠢ ᠠᠬᠢᠭᠤᠯᠵᠤ᠂ ᠪᠦᠭᠦ ᠨᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠰᠡᠳᠬᠢᠯ ᠢ ᠨᠢᠭᠲᠠᠷᠠᠭᠤᠯᠤᠨ ᠰᠦᠭ | ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠥᠷᠥ ᠶᠢᠨ ᠬᠢᠨᠠᠯᠲᠠ ᠶᠢ ᠪᠤᠲᠠᠲᠠᠶᠢᠵᠢᠭᠤᠯᠬᠤ᠂ | ᠣᠨᠣᠪᠴᠢᠲᠠᠢ ᠪᠤᠯᠭᠠᠬᠤ᠂ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠳᠤᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠡᠩᠨᠡᠭᠡᠨ ᠳᠠᠬᠢ | ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢ | ᠴᠢᠩᠭ᠎ᠠ ᠪᠣᠳᠠᠲᠠᠢ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠠᠶᠠᠨ ᠤ ᠡᠭᠢᠯᠡᠯᠲᠡ ᠶᠢ ᠬᠦᠴᠦᠲᠡᠢ | ᠬᠥᠲᠥᠯᠥᠨ ᠳᠠᠭᠠᠭᠤᠯᠵᠤ ᠪᠠᠲᠤᠯᠠᠪᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ | ᠨᠠᠮ ᠪᠣᠯᠤᠭᠰᠠᠨ ᠤ ᠬᠤᠪᠢ ᠳᠤ᠂ ᠬᠡᠷᠬᠢᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠦᠶᠡᠯᠡᠯ ᠤᠨ | ᠳᠠᠪᠲᠠᠮᠵᠢ ᠠᠴᠠ ᠠᠮᠵᠢᠯᠲᠠ ᠲᠠᠢ ᠮᠤᠯᠲᠤᠷᠠᠵᠤ᠂ ᠨᠠᠮ ᠥᠨᠢ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ | ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠪᠤᠢ︖ ᠡᠨᠡ ᠪᠣᠯ ᠪᠦᠭᠦ ᠨᠠᠮ ᠤᠨ ᠨᠥᠬᠦᠳ ᠤᠨ ᠡᠮᠦᠨ᠎ᠡ | ᠲᠠᠯᠪᠢᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠮᠥᠨ᠃ ᠨᠠᠮ ᠤᠨ ᠠᠷᠪᠠᠨ ᠨᠠᠶᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠠᠭᠤᠤ ᠶᠡᠭᠡ ᠦᠢᠯᠡᠳᠦᠯᠭᠡ ᠶᠢᠨ | ᠳᠤᠮᠳᠠ᠂ ᠪᠢᠳᠡ ᠲᠠᠰᠤᠷᠠᠯᠲᠠ ᠦᠭᠡᠢ ᠦᠢᠯᠡᠳᠦᠯᠭᠡ ᠶᠢᠨ ᠰᠦᠪᠡᠭᠴᠢᠯᠡᠯᠲᠡ ᠪᠠ ᠤᠨᠤᠯ ᠤᠨ ᠪᠣᠳᠣᠯᠬᠢᠯᠠᠯ ᠬᠢᠵᠦ᠂ ᠮᠠᠤ | ᠽᠧ ᠳ᠋ᠦ᠋ᠩ ᠨᠥᠬᠦᠷ ᠤᠨ ᠲᠤᠬᠠᠢ ᠶᠢᠨ ᠵᠢᠯ ᠤᠨ ︽ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠬᠤ | ᠬᠡᠷᠡᠭᠲᠡᠢ︾ ᠭᠡᠰᠡᠨ ᠨᠢᠭᠡᠳᠦᠭᠡᠷ ᠬᠠᠷᠢᠭᠤᠯᠲᠠ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠠᠷᠢᠭᠤᠯᠲᠠ ᠶᠢ ᠡᠷᠢᠵᠦ ᠣᠯᠵᠠᠢ᠂ | ᠡᠨᠡ ᠳᠠᠷᠤᠢ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ | ᠴᠠᠭ ᠦᠶ᠎ᠡ ᠶᠢᠨ ᠠᠷᠪᠠᠨ ᠵᠢᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠳᠦᠯᠭᠡ ᠪᠣᠯᠣᠨ ᠤᠨᠤᠯ ᠤᠨ | ᠰᠦᠪᠡᠭᠴᠢᠯᠡᠯᠲᠡ ᠳᠤᠮᠳᠠ᠂ ᠪᠢᠳᠡ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠲᠠᠨᠢᠯᠲᠠ ᠪᠠᠨ ᠲᠠᠰᠤᠷᠠᠯᠳᠡ | ᠦᠭᠡᠢ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠠᠯᠢ ᠤᠯᠠᠨ | ᠴᠢᠬᠤᠯᠠ ᠤᠨᠤᠯ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠮᠠᠨ ᠤ ᠨᠠᠮ ᠤᠨ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ | ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠬᠢᠵᠦ ᠳᠡᠶᠢᠯᠬᠦ᠂ ᠥᠪᠡᠷ ᠪᠡᠶ᠎ᠡ ᠶᠢᠨ ᠬᠤᠪᠢᠰᠬᠠᠯ ᠢ ᠬᠡᠷᠬᠢᠨ | ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠦᠢᠯᠡᠳᠦᠯᠭᠡ ᠶᠢᠨ ᠳᠤᠮᠳᠠ | ᠵᠢᠰᠦᠨ ᠠᠰᠠᠭᠤᠳᠠᠯ ᠢ ᠰᠠᠶᠢᠳᠤᠷᠡᠵᠡᠮᠳᠡᠬᠦ ᠴᠢᠬᠤᠯᠠᠲᠠᠢ᠂ ᠲᠤᠬᠠᠶᠢᠯᠠᠪᠠᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠠᠭᠤᠤ ᠶᠡᠭᠡ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠲᠡᠦᠬᠡ ᠶᠢᠨ | ᠦᠶᠡᠯᠡᠯ ᠤᠨ ᠳᠠᠪᠲᠠᠮᠵᠢ ᠠᠴᠠ ᠮᠤᠯᠲᠤᠷᠠᠬᠤ ᠪᠠᠷ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠤᠯᠭᠠᠵᠤ᠂ ᠲᠣᠮᠣ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠢᠪᠲᠤᠯᠬᠤ ᠴᠢᠭᠯᠡᠯ ᠢᠶᠠᠨ ᠪᠤᠯᠭᠠᠵᠤ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠪᠦᠲᠦᠮᠵᠢᠲᠡᠶ ᠠᠷᠭ᠎ᠠ ᠵᠠᠮ ᠪᠤᠯᠭᠠᠵᠤ᠂ ᠡᠷᠡᠰ ᠬᠠᠲᠠᠭᠤ | ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠬᠤ᠂ ᠪᠠᠲᠤ ᠴᠢᠩᠭ᠎ᠠ ᠡᠩᠨᠡᠭᠡ ᠶᠢ ᠪᠠᠶᠢᠭᠤᠯᠬᠤ ᠪᠠᠷ ᠴᠢᠬᠤᠯᠠ | ᠬᠦᠴᠦᠯᠡᠬᠦ ᠴᠡᠭ ᠪᠤᠯᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠢᠬᠤᠯᠠ ᠭᠠᠷᠳᠠᠴᠠ ᠪᠤᠯᠭᠠᠵᠤ | ᠂ ᠲᠤᠰ ᠪᠡᠶ᠎ᠡ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠶᠠᠯᠳᠤᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ | ᠬᠦᠴᠦᠨ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠢᠯᠡᠳᠦᠯᠭᠡ ᠶᠢᠨ | ᠰᠦᠪᠡᠭᠴᠢᠯᠡᠯᠲᠡ ᠪᠠ ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠬᠢᠵᠦ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠵᠢᠮ᠎ᠡ ᠶᠣᠰᠣᠴᠢ ᠴᠢᠨᠠᠷ ᠤᠨ ᠲᠠᠨᠢᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠶᠢ ᠨᠡᠩ ᠨᠢᠭᠲᠠ ᠴᠢᠩᠭ᠎ᠠ ᠪᠤᠯᠭᠠᠵᠤ᠂ ᠹᠷᠣᠨᠲ | ᠪᠦᠷᠢ ᠶᠢᠨ᠂ ᠭᠤᠭᠴᠤᠭ᠎ᠠ ᠪᠦᠷᠢ ᠶᠢᠨ ᠥᠪᠡᠷ ᠪᠡᠶ᠎ᠡ ᠶᠢᠨ ᠬᠤᠪᠢᠰᠬᠠᠯ ᠢ ᠪᠣᠳᠠᠲᠠᠢ ᠠᠳᠬᠤᠵᠤ᠂ ᠭᠦᠨᠵᠡᠭᠡᠢ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠠᠶᠠᠨ ᠳᠤ ᠢᠯᠵᠠᠷᠠᠯ ᠢ ᠡᠰᠡᠷᠭᠦᠴᠡᠬᠦ ᠲᠡᠮᠡᠴᠡᠯ ᠬᠢᠬᠦ ᠳᠤ᠂ ᠡᠷᠬᠡᠪᠰᠢ ᠢᠯᠵᠠᠷᠠᠯ ᠤᠨ | ᠠᠰᠠᠭᠤᠳᠠᠯ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ ᠢ ᠠᠷᠢᠯᠭᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠠᠭᠠᠷᠳᠠᠯᠭ᠎ᠠ ᠪᠣᠯ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦᠨ ᠠᠴᠠ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ ᠭᠦᠨᠵᠡᠭᠡᠶᠢᠷᠡᠭᠦᠯᠦᠨ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ ᠪᠠ ᠥᠷᠭᠡᠴᠡ ᠶᠢ ᠲᠠᠰᠤᠷᠠᠯᠳᠠ ᠦᠭᠡᠢ ᠶᠡᠬᠡᠰᠬᠡᠵᠦ᠂ ᠡᠪᠡᠳᠴᠢᠨ ᠳᠤᠨᠢ | ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠴᠠᠲᠠᠢ ᠵᠠᠰᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ᠂ ᠲᠠᠭᠢᠨ ᠳᠠᠪᠲᠠᠨ ᠡᠭᠦᠰᠴᠦ ᠪᠠᠶᠢᠭ᠎ᠠ ᠬᠠᠭᠤᠴᠢᠨ ᠠᠰᠠᠭᠤᠳᠠᠯ ᠢ ᠠᠯᠬᠤᠮ ᠠᠯᠬᠤᠮ ᠢᠶᠠᠷ ᠪᠠᠭᠠᠰᠬᠠᠵᠤ᠂ | ᠰᠢᠨ᠎ᠡ ᠪᠠᠷ ᠢᠯᠡᠷᠡᠭᠰᠡᠨ ᠠᠰᠠᠭᠤᠳᠠᠯ ᠢ ᠦᠷᠪᠢᠰᠦᠨ ᠳᠡᠯᠭᠡᠷᠡᠬᠦᠶ᠎ᠡ ᠪᠡᠷᠬᠡ ᠪᠤᠯᠭᠠᠵᠤ᠂ ᠢᠯᠵᠠᠷᠠᠯ ᠤᠨ ᠠᠰᠠᠭᠤᠳᠠᠯ ᠢ | ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ ᠂ ᠤᠷᠳᠤ ᠬᠤᠭᠤᠴᠠᠭ᠎ᠠ ᠪᠠᠷ ᠪᠦᠲᠦᠮᠵᠢᠳᠠᠢ ᠪᠤᠯᠭᠠᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠦᠭᠦ ᠶᠠᠪᠤᠴᠠ ᠳᠠᠬᠢ ᠤᠳᠤᠷᠢᠳᠤᠯᠭ᠎ᠠ ᠪᠠᠨ ᠦᠨᠡᠨ ᠬᠦ᠋ ᠴᠢᠩᠭᠠᠳᠬᠠᠵᠤ᠂ ᠢᠯᠵᠠᠷᠠᠯ ᠤᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢ ᠡᠷᠡᠰ ᠳᠡᠮᠵᠢᠵᠦ᠂ ᠬᠠᠲᠠᠭᠤ ᠲᠠᠢ ᠬᠠᠯᠳᠠᠵᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠳᠤᠷ ᠠᠳᠬᠤᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠲᠤᠰᠬᠠᠢ ᠬᠠᠷᠢᠭᠤᠴᠠᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠨᠡᠩ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ᠲᠠᠢ ᠬᠦᠴᠦᠲᠡᠢ ᠪᠥᠭᠡᠳ ᠪᠦᠲᠦᠮᠵᠢᠳᠠᠢ ᠬᠠᠮᠵᠢᠯᠴᠠᠨ ᠢᠯᠵᠠᠷᠠᠯ ᠢ | ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠢᠯᠵᠠᠷᠠᠯ ᠢ ᠡᠰᠡᠷᠭᠦᠴᠡᠬᠦ ᠪᠦᠭᠦ ᠬᠡᠯᠬᠢᠶᠡᠨ ᠤ ᠬᠦᠴᠦᠨ ᠢ | ᠨᠡᠶᠢᠦᠨᠬᠡᠬᠦ ᠬᠡᠷᠡᠭᠲᠡᠢ᠃ ᠡᠯ᠎ᠡ ᠡᠭᠦᠷᠭᠡ ᠲᠤᠰᠢᠶᠠᠯᠲᠤ ᠰᠠᠯᠠᠭ᠎ᠠ ᠮᠥᠴᠢᠷ ᠥᠨᠳᠥᠷ ᠪᠦᠲᠦᠮᠵᠢᠲᠡᠢ ᠬᠠᠮᠵᠢᠯᠴᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠢᠯᠵᠠᠷᠠᠯ ᠢ ᠡᠰᠡᠷᠭᠦᠴᠡᠬᠦ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠢᠯᠵᠠᠷᠠᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠬᠤ | ᠬᠡᠷᠡᠭᠲᠡᠢ᠃ ᠮᠥᠨ ᠬᠦ᠋ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠭ᠎ᠠ ᠪᠠᠶᠢᠳᠠᠯ ᠤᠨ ᠡᠮᠦᠨ᠎ᠡ᠂ ᠢᠯᠵᠠᠷᠠᠯ ᠢ | ᠡᠰᠡᠷᠭᠦᠴᠡᠬᠦ ᠳᠤ ᠶᠠᠭᠠᠬᠢᠭᠰᠠᠨ ᠴᠤ ᠪᠤᠴᠠᠵᠤ ᠪᠤᠯᠬᠤ ᠦᠭᠡᠢ᠂ ᠰᠤᠯᠠᠷᠠᠭᠤᠯᠵᠤ ᠪᠤᠯᠬᠤ ᠦᠭᠡᠢ᠂ ᠡᠨᠡᠷᠢᠩᠭᠦᠢ ᠵᠥᠭᠡᠯᠡᠨ | ᠪᠠᠶᠢᠵᠦ ᠪᠤᠯᠬᠤ ᠦᠭᠡᠢ᠂ ᠡᠷᠬᠡᠪᠰᠢ ᠳᠠᠭᠠᠷᠢᠯᠲᠠ ᠶᠢᠨ ᠪᠦᠷᠢᠶ᠎ᠡ ᠶᠢ ᠦᠷᠭᠦᠯᠵᠢᠳᠡ ᠳᠤᠤᠭᠠᠷᠭᠠᠬᠤ ᠬᠡᠷᠡᠭᠲᠡᠢ᠃ ︽ | ᠳᠣᠯᠣᠭᠠᠨ ᠪᠠᠶᠢᠬᠤ︾ ᠠᠰᠠᠭᠤᠳᠠᠯ ᠢ ᠦᠷᠭᠦᠯᠵᠢᠯᠡᠨ ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠡᠷᠬᠡ ᠪᠠᠷ ᠲᠦᠰᠢᠭ ᠪᠤᠯᠭᠠᠬᠰᠠᠨ ᠬᠥᠷᠥᠩᠭᠡ ᠠᠰᠢᠭ ᠬᠥᠭᠡᠭᠡᠴᠡᠯᠳᠦᠬᠦ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠡᠯ᠎ᠡ ᠵᠦᠢᠯ ᠤᠨ ᠠᠰᠢᠭ ᠲᠤᠰᠠ ᠶᠢᠨ ᠪᠦᠯᠦᠭᠯᠡᠯ᠂ ᠡᠷᠬᠡ ᠰᠦᠷᠲᠦ | ᠪᠦᠯᠭᠦᠮ ᠤᠨ ᠤᠯᠤᠰ ᠲᠥᠷᠦ ᠶᠢᠨ ᠬᠦᠷᠢᠶᠡᠨ ᠳᠤ ᠨᠡᠪᠴᠢᠬᠦ ᠶᠢ ᠲᠠᠰᠤ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ ᠪᠠ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ | ᠴᠤᠭᠯᠠᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠠᠷᠢᠯᠭᠠᠬᠤ ᠬᠡᠷᠡᠭᠲᠡᠢ᠃ ︽ᠵᠢᠵᠢᠭ ᠢᠶᠠᠷ ᠱᠠᠮᠰᠢᠵᠤ ᠪᠠᠭ᠎ᠠ ᠪᠠᠷ ᠢᠯᠵᠠᠷᠠᠬᠤ︾ ᠶᠢ | ᠵᠠᠯᠬᠠᠭᠠᠨ ᠰᠢᠢᠳᠬᠡᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠯᠵᠠᠷᠠᠯ ᠤᠨ ᠪᠤᠢ ᠪᠣᠯᠵᠤ ᠦᠷᠪᠢᠰᠦᠨ ᠳᠡᠯᠭᠡᠷᠡᠬᠦ ᠶᠢ | ᠲᠠᠰᠤᠯᠬᠤ ᠬᠡᠷᠡᠭᠲᠡᠢ᠃ ᠢᠯᠵᠠᠷᠠᠯ ᠤᠨ ᠮᠥᠨ ᠴᠢᠨᠠᠷ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠠᠪᠤᠳᠠᠯ ᠪᠣᠯᠣᠨ᠎ᠠ᠃ | ᠲᠥᠷᠥ ᠶᠢᠨ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠨ ᠵᠥᠪᠰᠢᠶᠡᠷᠡᠬᠦ ᠬᠢᠨᠠᠨ | ᠬᠠᠮᠢᠶᠠᠷᠬᠤ ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠪᠠᠷ ᠮᠠᠨᠳᠤᠭᠰᠠᠨ | ᠬᠦᠷᠢᠶᠡᠨ ᠤ ᠵᠠᠰᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡ ᠶᠢᠨ ᠲᠣᠬᠢᠷᠠᠭᠤᠯᠤᠯᠲᠠ ᠪᠣᠯᠣᠨ | ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠦᠷᠢᠮ ᠤᠨ ᠳᠤᠲᠠᠭᠤᠳᠠᠯ ᠢ ᠴᠢᠨᠠᠭᠰᠢᠳᠠ | ᠨᠥᠬᠦᠪᠦᠷᠢᠯᠡᠵᠦ᠂ ᠴᠢᠯᠦᠭᠡᠲᠡᠢ ᠪᠠᠷ ᠲᠠᠰᠤᠯᠤᠨ ᠲᠣᠭᠲᠠᠭᠠᠬᠤ ᠡᠷᠬᠡ ᠶᠢ ᠵᠢᠷᠤᠮᠵᠢᠭᠤᠯᠵᠤ᠂ ᠡᠷᠬᠡ ᠳᠤ ᠲᠦᠰᠢᠭᠯᠡᠵᠦ ᠠᠰᠢᠭ | ᠣᠯᠵᠠᠪᠤᠷᠢ ᠣᠯᠬᠤ ᠠᠵᠠ ᠲᠣᠭᠢᠶᠠᠯ ᠢ ᠪᠠᠭᠠᠰᠬᠠᠬᠤ ᠬᠡᠷᠡᠭᠲᠡᠢ᠃ ᠢᠯᠵᠠᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ | ᠰᠢᠢᠳᠬᠡᠬᠦ ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠭᠡᠮ | ᠰᠣᠭᠤᠭ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ | ᠢᠯᠵᠠᠷᠠᠯ ᠢ ᠲᠦᠷᠭᠡᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠳᠦᠷᠢᠮ ᠢ ᠴᠢᠨᠠᠭᠰᠢᠳᠠ ᠪᠦᠷᠢᠨᠰᠢᠭᠦᠯᠬᠦ ᠬᠡᠷᠡᠭᠲᠡᠢ | ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠵᠡᠷᠭᠡ ᠰᠠᠭᠤᠷᠢᠯᠠᠬᠤ | ᠴᠢᠨᠠᠷᠲᠠᠢ ᠬᠠᠤᠯᠢ ᠲᠣᠭᠲᠠᠭᠠᠯ ᠳᠦᠷᠢᠮ ᠢ ᠨᠢᠭᠡ ᠴᠣᠭᠴᠠᠵᠢᠭᠤᠯᠤᠨ ᠠᠬᠢᠭᠤᠯᠬᠤ ᠲᠠᠢ ᠤᠶᠠᠯᠳᠤᠭᠤᠯᠤᠨ᠂ ︽ᠨᠢᠭᠡᠳᠦᠭᠡᠷ | ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠢᠵᠢ ᠪᠦᠷᠢᠳᠦᠭᠦᠯᠦᠭᠰᠡᠨ ᠳᠦᠷᠢᠮ ᠢ | ᠪᠦᠷᠢᠨᠰᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠤᠬᠠᠢ ᠤᠯᠤᠰ ᠠᠴᠠ ᠬᠠᠤᠯᠢ ᠲᠣᠭᠲᠠᠭᠠᠬᠤ ᠶᠢ ᠦᠷᠭᠦᠯᠵᠢᠯᠡᠨ | ᠠᠬᠢᠭᠤᠯᠵᠤ᠂ ᠬᠢᠨᠠᠨ ᠪᠠᠶᠢᠴᠠᠭᠠᠬᠤ ᠬᠠᠤᠯᠢ ᠳᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠵᠠᠰᠠᠪᠤᠷᠢ ᠣᠷᠣᠭᠤᠯᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ | ᠲᠤᠭᠤᠰᠢᠯᠠᠭᠤᠯᠬᠤ ᠪᠠᠷ ᠲᠣᠭᠢᠶᠠᠯ ᠪᠤᠯᠭᠠᠵᠤ᠂ ᠪᠦᠭᠦ ᠨᠠᠮ ᠳᠤ ᠨᠢᠭᠡ ᠤᠳᠠᠭᠠᠨ ᠤ ᠲᠥᠪᠯᠡᠷᠡᠩᠭᠦᠢ ᠴᠢᠨᠠᠷᠲᠠᠢ ᠰᠠᠬᠢᠯᠭ᠎ᠠ | ᠪᠠᠲᠤ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠠᠤᠯᠢ ᠲᠣᠭᠲᠠᠭᠠᠯ ᠳᠦᠷᠢᠮ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠵᠢᠷᠤᠮᠯᠠᠵᠤ᠂ ᠨᠢᠭᠡ | ᠴᠣᠭᠴᠠᠵᠢᠭᠤᠯᠤᠨ ᠬᠡᠷᠡᠭᠵᠢᠭᠦᠯᠬᠦ ᠶᠢ ᠦᠨᠡᠨ ᠬᠦ᠋ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠭᠡᠯᠢ ᠲᠦᠯᠬᠢᠬᠦ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠳᠠᠩᠳᠠ ᠺᠠᠳ᠋ᠷ ᠢ ᠲᠠᠲᠠᠵᠤ ᠠᠯᠳᠠᠭ᠎ᠠ ᠭᠠᠷᠭᠠᠯᠭᠠᠳᠠᠭ᠂ ᠪᠤᠰᠤᠳ ᠢ ᠬᠤᠣᠷᠯᠠᠳᠠᠭ ᠲᠡᠳᠡᠭᠡᠷ ᠬᠡᠭᠡᠯᠢ | ᠲᠦᠯᠬᠢᠳᠡᠭ ᠬᠥᠮᠥᠰ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠰᠢᠶ᠎ᠡ ᠶᠢ ᠵᠠᠷᠯᠠᠨ ᠮᠡᠳᠡᠭᠳᠡᠵᠦ᠂ | ᠬᠥᠮᠥᠰ ᠤᠨ ᠠᠳᠡᠭᠦᠦ ᠲᠠᠨᠢᠯᠲᠠ ᠶᠢ ᠵᠠᠯᠠᠷᠠᠭᠤᠯᠵᠤ᠂ ᠵᠠᠯᠬᠠᠭᠠᠬᠤ ᠪᠠᠷ ᠳᠠᠮᠵᠢᠵᠤ ᠴᠡᠭᠡᠷᠯᠡᠯ ᠦᠵᠡᠭᠦᠯᠭᠦ ᠬᠡᠷᠡᠭᠲᠡᠢ᠃ | ᠬᠡᠭᠡᠯᠢ ᠲᠦᠯᠬᠢᠭᠡᠳ ᠣᠯᠣᠭᠰᠠᠨ ᠵᠦᠢ ᠪᠤᠰᠤ ᠠᠰᠢᠭ ᠲᠤᠰᠠ ᠶᠢ ᠨᠡᠬᠡᠮᠵᠢᠯᠡᠨ ᠲᠤᠰᠢᠶᠠᠯᠭᠠᠬᠤ ᠪᠠ ᠵᠠᠯᠠᠷᠠᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠥᠬᠦᠷᠡᠰᠢ ᠦᠭᠡᠢ ᠪᠠᠷᠢᠮᠲᠠᠯᠠᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ | ᠮᠠᠭᠤ ᠶᠢ ᠮᠠᠭᠤᠰᠢᠶᠠᠬᠤ ᠪᠠ ᠰᠠᠶᠢᠨ ᠢ ᠰᠠᠶᠢᠰᠢᠶᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠵᠤ᠂ ︽ᠲᠠᠯᠳᠠ ᠳᠦᠷᠢᠮ ᠭᠤᠷᠢᠮ︾ ᠢ ᠡᠪᠳᠡᠨ᠂ ︽ᠢᠯᠡ | ᠶᠣᠰᠣ ᠳᠦᠷᠢᠮ︾ ᠢ ᠲᠣᠭᠲᠠᠭᠠᠵᠤ᠂ ︽ᠵᠢᠵᠢᠭ ᠪᠦᠯᠭᠦᠮ︾᠂ ︽ᠡᠷᠬᠡ ᠰᠦᠷᠳᠡᠨ ᠢ ᠳᠣᠲᠣᠨᠣᠴᠢᠯᠠᠬᠤ︾᠂ ︽ | ᠬᠥᠭᠦᠷᠭᠡ ᠬᠤᠯᠪᠣᠭᠠᠰᠤ ᠪᠤᠯᠬᠤ︾ ᠶᠢ ᠡᠷᠡᠰ ᠰᠡᠷᠭᠡᠶᠢᠯᠡᠵᠦ᠂ ᠡᠯ᠎ᠡ ᠵᠦᠢᠯ ᠤᠨ ᠤᠯᠤᠰ ᠲᠦᠷᠦ ᠶᠢᠨ ᠮᠡᠬᠡᠯᠡᠭᠴᠢ ᠳᠤ | ᠬᠦᠴᠦᠲᠡᠢ ᠴᠣᠬᠢᠯᠲᠠ ᠥᠭᠴᠦ᠂ ᠲᠠᠸᠠᠷ ᠤᠨ ᠰᠣᠯᠢᠯᠴᠠᠭᠠᠨ ᠤ ᠵᠠᠷᠴᠢᠮ ᠢ ᠨᠠᠮ ᠤᠨ ᠳᠣᠲᠣᠭᠠᠳᠤ ᠳᠤ ᠠᠪᠴᠢᠷᠠᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠲᠠᠯ᠎ᠠ ᠪᠠᠷ ᠲᠥᠪ ᠪᠤᠰᠤ ᠰᠤᠷᠲᠠᠯ ᠢ | ᠴᠥᠬᠦᠷᠡᠰᠢ ᠦᠭᠡᠢ ᠴᠡᠭᠴᠡᠯᠡᠨ ᠵᠠᠰᠠᠵᠤ᠂ ᠨᠥᠬᠦᠳ ᠤᠨ ᠬᠤᠭᠤᠷᠤᠨᠳᠤᠭᠢ ᠠᠷᠢᠭᠤᠨ ᠴᠢᠬᠡᠴᠢ ᠬᠠᠷᠢᠴᠠᠭ᠎ᠠ᠂ ᠳᠡᠭᠡᠷ᠎ᠡ | ᠳᠣᠣᠷ᠎ᠠ ᠱᠠᠲᠤᠨ ᠤ ᠶᠣᠰᠣ ᠳᠦᠷᠢᠮ ᠲᠠᠢ ᠬᠠᠷᠢᠴᠠᠭ᠎ᠠ ᠪᠦᠷᠢᠯᠳᠦᠬᠦ ᠶᠢ ᠠᠬᠢᠭᠤᠯᠵᠤ᠂ ᠤᠯᠤᠰ ᠲᠦᠷᠦ ᠶᠢᠨ ᠠᠮᠢ | ᠠᠬᠤᠢ ᠶᠢᠨ ᠠᠭᠤᠯᠠ ᠤᠰᠤ ᠴᠡᠪᠡᠷ ᠲᠤᠩᠭᠠᠯᠠᠭ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ᠂ ᠡᠪ ᠬᠠᠮᠲᠤ ᠨᠠᠮ ᠤᠨ ᠭᠡᠰᠢᠭᠦᠨ ᠤ | ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠬᠥᠭᠵᠢᠭᠡᠵᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠱᠠᠮᠰᠢᠵᠤ | ᠢᠯᠵᠠᠷᠠᠨ ᠳᠤᠷᠤᠶᠢᠲᠠᠬᠤ ᠶᠢ ᠲᠤᠶᠢᠯ ᠤᠨ ᠶᠡᠭᠡ ᠢᠴᠢᠭᠦᠷᠢ ᠭᠤᠲᠤᠮᠰᠢᠭ ᠢᠶᠠᠷ ᠦᠵᠡᠬᠦ ᠬᠡᠷᠡᠭᠲᠡᠢ᠃ ᠭᠡᠷ ᠪᠦᠯᠢ ᠶᠢᠨ | ᠬᠥᠮᠦᠵᠢᠯ ᠭᠡᠷ ᠤᠨ ᠰᠤᠷᠲᠠᠯ ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢ ᠱᠠᠯᠠᠪᠳᠠᠭᠤᠯᠤᠨ ᠲᠦᠷᠦᠯ ᠰᠠᠳᠤᠨ ᠦᠷ᠎ᠡ | ᠬᠡᠦᠬᠡᠳ ᠢᠶᠠᠨ ᠴᠢᠩᠭ᠎ᠠ ᠬᠠᠮᠢᠶᠠᠷᠤᠭᠤᠯᠬᠤ ᠬᠡᠷᠡᠭᠲᠡᠢ᠃ ᠠᠷᠢᠭᠤᠨ ᠴᠢᠬᠡᠴᠢ ᠶᠢᠨ ᠤᠶᠢᠯᠭᠠᠭᠳᠠᠬᠤᠨ᠂ ᠠᠷᠢᠭᠤᠨ | ᠴᠢᠬᠡᠴᠢ ᠶᠢᠨ ᠨᠡᠶᠢᠲᠡᠯᠢᠭ ᠵᠢᠱᠢᠶ᠎ᠡ ᠶᠢ ᠢᠳᠡᠪᠬᠢᠲᠡᠢ ᠤᠬᠠᠭᠤᠯᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ | ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ | ᠪᠣᠯᠣᠨ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠨ᠎ᠠ᠂ ᠡᠷᠬᠡᠪᠰᠢ ᠬᠠᠷᠢᠴᠠᠯᠠᠰᠢᠭᠦᠢ ᠦᠨᠡᠨᠴᠢ ᠰᠢᠳᠤᠷᠭᠤ᠂ | ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ | ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠦᠨᠡᠨᠴᠢ | ᠰᠢᠳᠤᠷᠭᠤ ᠪᠠᠶᠢᠬᠤ ᠶᠢ ᠴᠢᠨᠠᠭᠰᠢᠳᠠ ᠪᠠᠬᠢᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ | ᠲᠥᠪ ᠬᠤᠷᠢᠶ᠎ᠠ ᠲᠠᠢ ᠨᠢᠭᠡ ᠰᠡᠳᠬᠢᠯ ᠨᠢᠭᠡ ᠵᠣᠷᠢᠭ ᠲᠠᠢ ᠪᠠᠶᠢᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ | ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠨᠠᠮ ᠤᠨ | ᠵᠢᠯᠣᠭᠤᠳᠤᠯᠭ᠎ᠠ ᠶᠢ ᠳᠠᠭᠠᠬᠤ᠂ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠬᠤ ᠬᠡᠷᠡᠭᠲᠡᠢ᠃ ᠵᠠᠷᠴᠢᠮ ᠢ ᠪᠠᠷᠢᠮᠲᠠᠯᠠᠨ᠂ ᠠᠰᠠᠭᠤᠳᠠᠯ ᠢ ᠰᠢᠭᠤᠳ ᠵᠣᠷᠢᠭᠲᠠᠢ ᠭᠦᠨᠳᠡᠵᠤ᠂ | ᠵᠣᠷᠢᠭᠲᠠᠢ ᠲᠡᠮᠡᠴᠡᠵᠦ ᠴᠢᠳᠠᠮᠠᠭᠠᠢ ᠲᠡᠮᠡᠴᠡᠨ᠂ ᠬᠠᠷᠢᠭᠤᠴᠠᠯᠭ᠎ᠠ ᠡᠭᠦᠷᠭᠡᠯᠡᠨ ᠡᠭᠦᠷᠭᠡ ᠪᠠᠨ ᠭᠦᠢᠴᠡᠳᠬᠡᠵᠦ᠂ ᠭᠤᠶᠢᠪᠢᠰᠢ | ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠭᠦᠳᠡ ᠶᠢ ᠲᠦᠢᠳᠦᠭᠴᠢ ᠶᠢ | ᠠᠷᠢᠯᠭᠠᠬᠤ ᠶᠢ ᠪᠠᠶᠢᠩᠭᠤᠵᠢᠭᠤᠯᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ | ᠰᠡᠷᠭᠡᠶᠢᠯᠡᠨ ᠵᠠᠰᠠᠵᠤ᠂ ᠥᠪᠡᠷ ᠪᠡᠶ᠎ᠡ ᠶᠢᠨ ᠬᠤᠪᠢᠰᠬᠠᠯ ᠤᠨ ᠦᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠳᠠᠭᠠᠨ ᠢᠲᠡᠭᠡᠯ ᠲᠠᠢ | ᠂ ᠠᠷᠠᠳ ᠲᠦᠮᠡᠨ ᠳᠡᠭᠡᠨ ᠬᠦᠷᠢᠶᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ | ᠴᠡᠷᠢᠭ ᠠᠩᠭᠢ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠳ᠋ᠦ᠋ᠩᠨᠡᠵᠦ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠳᠤᠷᠬᠠᠶᠢᠯᠠᠨ ᠥᠭᠦᠯᠡᠵᠦ᠂ ᠮᠠᠨ ᠤ ᠨᠠᠮ ᠤᠨ ᠶᠠᠭᠤᠨ ᠳᠤ | ᠥᠪᠡᠷ ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠢ ᠬᠢᠵᠦ ᠳᠡᠶᠢᠯᠬᠦ ᠥᠪᠡᠷ ᠪᠡᠶ᠎ᠡ ᠶᠢᠨ | ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ | ᠥᠭᠴᠦ᠂ ︽ᠵᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠦᠷᠭᠦᠯᠵᠢᠯᠡᠨ ᠬᠦᠴᠦᠯᠡᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ | ᠬᠢᠵᠡᠢ᠃ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ | ᠠᠭᠤᠯᠤᠭᠳᠠᠬᠤᠨ ᠪᠠᠶᠠᠯᠢᠭ ᠪᠠᠶᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠭᠦᠨᠵᠡᠭᠡᠶᠢᠷᠡᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ | ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠬᠤᠷᠠᠯ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ | ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 1 ᠰᠠᠷ᠎ᠠ ᠶᠢᠨ 8 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 8 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ | ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ | ᠳᠡᠪᠰᠢᠭᠦᠯᠦᠭᠴᠢ᠄ ᠲᠡᠷᠭᠡᠯ | |